ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/24
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠠᠴᠠ ᠲᠡᠮᠵᠢᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠱᠠᠲᠤᠨ ᠤ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ᠂ ᠤᠯᠤᠰ ᠠᠴᠠ ᠳᠡᠮᠵᠢᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠮᠥᠨᠴᠦ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠭᠠᠷᠳᠠᠴᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠪᠠᠲᠤᠳᠬᠠᠵᠤ᠂ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠣᠯᠣᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠡᠭᠦᠷᠭᠡ ᠪᠠᠨ ᠲᠣᠳᠣᠷᠬᠠᠢ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠯᠤᠰ ᠠᠴᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠵᠤ᠂ ᠵᠢᠷᠤᠮ ᠲᠠᠢ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠪᠣᠯ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠦᠷ᠎ᠡ ᠪᠦᠲᠦᠮᠵᠢ ᠶᠢᠨ ᠨᠢᠭᠡ ᠤᠳᠠᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠪᠣᠯᠣᠨ᠎ᠠ ᠂ ᠡᠨᠡ ᠨᠢ ᠪᠦᠬᠦ ᠬᠤᠳᠠ ᠶᠢᠨ ︽ᠭᠡᠷ ᠤᠨ ᠡᠳ᠋ ᠬᠥᠷᠥᠩᠭᠡ︾ ᠶᠢ ᠣᠶᠢᠯᠠᠭᠠᠬᠤ ᠳᠤ ᠠᠰᠢᠭᠲᠠᠢ ᠪᠠᠶᠢᠵᠤ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠪᠦᠬᠦ ᠲᠠᠯ᠎ᠠ ᠶᠢᠨ ᠵᠥᠪ ᠣᠨᠣᠪᠴᠢᠲᠠᠢ ᠦᠨᠳᠦᠰᠦᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠳᠤ ᠠᠰᠢᠭᠲᠠᠢ ᠶᠤᠮ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠬᠦᠴᠦᠨ ᠢᠶᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ᠂ ᠨᠡᠶᠢᠳᠡᠮ ᠪᠠᠶᠢᠴᠠᠭᠠᠭᠴᠢ ᠶᠢ ᠰᠣᠩᠭᠤᠨ ᠤᠷᠢᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠰᠠᠶᠢᠲᠤᠷ ᠬᠢᠵᠦ᠂ ᠬᠡᠪ ᠪᠣᠯᠪᠠᠰᠤᠷᠠᠯ ᠨᠢ ᠥᠨᠳᠥᠷ᠂ ᠴᠢᠳᠠᠪᠤᠷᠢ ᠨᠢ ᠴᠢᠩᠭ᠎ᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠥᠷᠭᠡᠨ ᠢᠶᠠᠷ ᠤᠬᠠᠭᠤᠯᠭ᠎ᠠ ᠬᠢᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠥᠲᠥᠯᠥᠨ ᠵᠢᠯᠤᠭᠤᠳᠴᠤ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠪᠦᠬᠦ ᠨᠡᠶᠢᠭᠡᠮ ᠢᠶᠠᠷ ᠢᠶᠠᠨ ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠣᠷᠣᠯᠴᠠᠵᠤ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ