ᠬᠥᠬᠡᠬᠤᠲᠠ ᠶᠢᠨ ᠦᠴᠦᠸᠠᠨ ᠰᠢᠶᠡᠨ ᠤ ᠤᠩᠭᠤᠨ ᠳᠠᠪᠠᠭᠠᠨ ᠣᠷᠣᠶ ᠶᠢᠨ ᠪᠠᠭᠤᠷᠢ
ᠨᠡᠶᠢᠲᠡᠯᠡᠭᠰᠡᠨ ᠴᠠᠭ᠄
2023/5/24
20230524.jpg
      ᠬᠥᠬᠡᠬᠤᠲᠠ ᠶᠢᠨ ᠦᠴᠦᠸᠠᠨ ᠰᠢᠶᠡᠨ ᠤ ᠤᠩᠭᠤᠨ ᠳᠠᠪᠠᠭᠠᠨ ᠣᠷᠣᠶ ᠶᠢᠨ ᠪᠠᠭᠤᠷᠢ ᠪᠣᠯ ᠤᠮᠠᠷᠠᠲᠤ ᠸᠧᠶ ᠤᠯᠤᠰ ᠤᠨ ᠮᠤᠨᠢ ᠠᠭᠤᠯᠠᠨ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠳᠠᠬᠢᠯᠭ᠎ᠠ ᠶᠢᠨ ᠪᠠᠷᠢᠯᠭ᠎ᠠ ᠪᠠᠶᠢᠵᠤ᠂ ᠲᠡᠷᠡ ᠨᠢ ᠳᠠᠬᠢᠯ ᠤᠨ ᠮᠠᠨᠳᠤᠯ᠂ ᠲᠤᠳᠤᠷ ᠤᠨᠠᠭᠤᠯᠢ᠂ ᠳᠤᠳᠤᠷ ᠬᠠᠰᠢᠯᠭ᠎ᠠ᠂ ᠭᠠᠳᠠᠷ ᠬᠠᠰᠢᠯᠭ᠎ᠠ᠂ ᠭᠠᠳᠠᠷ ᠤᠨᠠᠭᠤᠯᠢ ᠭᠡᠬᠦ 5 ᠬᠡᠰᠡᠭ ᠢᠶᠠᠷ ᠪᠦᠷᠢᠯᠳᠦᠵᠦ᠂ ᠳᠠᠯᠠᠪᠠᠢ ᠨᠢ 10000 ᠳᠡᠭᠰᠢ ᠲᠦᠷᠪᠡᠯᠵᠢᠨ ᠮᠧᠲᠷ ᠪᠠᠶᠢᠳᠠᠭ᠃ ᠮᠤᠨᠢ ᠠᠭᠤᠯᠠ ᠨᠢᠷᠤᠭᠤ ᠪᠣᠯ ᠡᠷᠲᠡᠨ ᠠᠴᠠ ᠪᠠᠨ ᠠᠪᠤᠭᠠᠳ ᠲᠠᠷᠢᠶᠠᠯᠠᠬᠤ ᠠᠵᠤ ᠠᠬᠤᠶ ᠪᠣᠯᠤᠨ ᠨᠡᠭᠦᠳᠡᠯ ᠮᠠᠯᠵᠢᠯ ᠤᠨ ᠠᠵᠤ ᠠᠬᠤᠶ ᠶᠢᠨ ᠨᠢᠭᠡᠨ ᠴᠢᠬᠤᠯᠠ ᠵᠠᠭᠠᠭ ᠱᠤᠭᠤᠮ ᠪᠠᠶᠢᠵᠠᠢ᠃ ᠪᠠᠶᠢᠯᠳᠤᠭᠠᠨᠲᠤ ᠤᠯᠤᠰ ᠴᠢᠨ ᠤᠯᠤᠰ ᠬᠠᠨ ᠤᠯᠤᠰ ᠤᠨ ᠦᠶ᠎ᠡ ᠳᠤ ᠮᠣᠨᠢ ᠠᠭᠤᠯᠠ ᠨᠢᠷᠤᠭᠤ ᠶᠢ ᠲᠠᠭᠠᠭᠤᠯᠤᠨ ᠣᠷᠳᠣ ᠴᠠᠭᠠᠨ ᠬᠡᠷᠡᠮ ᠪᠠᠶᠢᠭᠤᠯᠵᠤ᠂ ᠤᠮᠠᠷᠠᠲᠤ ᠸᠧᠶ ᠤᠯᠤᠰ ᠤᠨ ᠨᠣᠶᠠᠷᠬᠠᠭᠴᠢᠳ ᠮᠤᠨᠢ ᠠᠭᠤᠯᠠᠨ ᠳᠤ ᠲᠣᠮᠣ ᠬᠡᠯᠪᠡᠷᠢ ᠶᠢᠨ ᠳᠠᠬᠢᠯᠭ᠎ᠠ ᠶᠢᠨ ᠭᠠᠵᠠᠷ ᠪᠠᠶᠢᠭᠤᠯᠤᠨ᠂ ᠭᠤᠣᠯ ᠴᠣᠭᠴᠠ ᠳᠤᠨᠢ ᠳᠤᠮᠳᠠᠳᠤ ᠣᠷᠣᠨ ᠤ ᠤᠯᠠᠮᠵᠢᠯᠠᠯᠲᠤ ᠶᠣᠰᠣᠯᠠᠯ ᠤᠨ ᠳᠦᠷᠢᠮᠲᠦ ᠪᠠᠷᠢᠯᠭ᠎ᠠ ᠶᠢᠨ ᠬᠡᠯᠪᠡᠷᠢ ᠶᠢ ᠬᠡᠷᠡᠭᠯᠡᠭᠰᠡᠨ ᠤ ᠬᠠᠮᠲᠤ ᠪᠠᠰᠠ ᠤᠮᠠᠷᠠᠲᠤ ᠣᠷᠣᠨ ᠤ ᠨᠡᠭᠦᠳᠡᠯᠴᠢᠨ ᠦᠨᠳᠦᠰᠦᠲᠡᠨ ᠤ ᠪᠤᠭᠳᠠ ᠠᠭᠤᠯᠠ ᠶᠢᠨ ᠳᠠᠬᠢᠯᠭ᠎ᠠ ᠶᠢᠨ ᠣᠨᠴᠠᠯᠢᠭ ᠢ ᠪᠦᠷᠢᠯᠳᠦᠭᠦᠯᠦᠭᠰᠡᠨ ᠨᠢ ᠡᠷᠲᠡᠨ ᠤ ᠨᠡᠭᠦᠳᠡᠯᠴᠢᠨ ᠦᠨᠳᠦᠰᠦᠲᠡᠨ ᠬᠢᠭᠡᠳ ᠲᠠᠷᠢᠶᠠᠯᠠᠬᠤ ᠦᠨᠳᠦᠰᠦᠲᠡᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠪᠣᠳᠠᠲᠤ ᠭᠡᠷᠡᠴᠢ ᠪᠣᠯᠵᠠᠢ
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ