ᠴᠢᠩ ᠱᠦᠢ ᠾᠧ ᠰᠢᠶᠠᠨ ᠤ ᠾᠧᠦ ᠴᠧᠩ ᠽᠦᠶ ᠴᠢᠯᠠᠭᠤᠨ ᠬᠤᠲᠠ
ᠨᠡᠶᠢᠲᠡᠯᠡᠭᠰᠡᠨ ᠴᠠᠭ᠄
2023/5/24
20230524-1.jpg
      ᠬᠥᠬᠡᠬᠤᠲᠠ ᠶᠢᠨ ᠴᠢᠩ ᠱᠦᠶ ᠾᠧ ᠰᠢᠶᠠᠨ ᠤ ᠾᠧᠦ ᠴᠧᠩ ᠽᠦᠶ ᠴᠢᠯᠠᠭᠤᠨ ᠬᠤᠲᠠ ᠪᠠᠷᠤᠭ 138 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ  ᠲᠠᠢ᠂ ᠣᠲᠣ ᠠᠴᠠ 4300 — 4400 ᠵᠢᠯ ᠤᠨ ᠡᠮᠦᠨᠡᠬᠢ ᠬᠤᠳᠠ ᠪᠠᠶᠢᠵᠤ᠂ ᠳᠣᠲᠣᠷ ᠬᠤᠲᠠ᠂ ᠭᠠᠳᠠᠷ ᠬᠤᠲᠠ᠂ ᠬᠠᠶᠢᠰᠠᠩ ᠵᠢᠴᠢ ᠭᠠᠳᠠᠷ ᠬᠠᠶᠢᠰᠠᠩ ᠢᠶᠠᠷ ᠪᠦᠷᠢᠯᠳᠦᠵᠦ᠂ ᠣᠳᠣᠬᠠᠨ ᠤ ᠥᠪᠥᠷ ᠮᠣᠩᠭᠤᠯ ᠤᠨ ᠳᠤᠮᠳᠠᠳᠤ ᠡᠮᠦᠨᠡᠲᠦ ᠬᠡᠰᠡᠭ ᠤᠨ ᠭᠠᠵᠠᠷ ᠣᠷᠣᠨ ᠳᠤ ᠢᠯᠡᠷᠡᠭᠦᠯᠦᠭᠰᠡᠨ ᠵᠡᠷᠭᠡ ᠲᠡᠰ ᠢᠶᠠᠷ ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ ᠯᠦᠩᠱᠠᠨ ᠤ ᠦᠶ᠎ᠡ ᠶᠢᠨ ᠴᠢᠯᠠᠭᠤᠨ ᠬᠤᠲᠠ ᠪᠣᠯᠣᠨ᠎ᠠ᠃ ᠾᠧᠦ ᠴᠧᠩ ᠽᠦᠶ ᠴᠢᠯᠠᠭᠤᠨ ᠬᠤᠲᠠ ᠳᠤ ᠯᠦᠩᠱᠠᠨ ᠤ ᠴᠠᠭ ᠦᠶ᠎ᠡ ᠶᠢᠨ ᠬᠠᠮᠤᠭ ᠤᠨ ᠪᠤᠳᠤᠯᠢᠶᠠᠨᠲᠠᠶ᠂ ᠪᠦᠷᠢᠨ ᠲᠡᠭᠦᠯᠳᠡᠷ  ᠭᠤᠷᠪᠠᠨ ᠳᠠᠪᠬᠤᠷ ᠬᠤᠷᠢᠭᠯᠠᠯᠲᠠ ᠶᠢᠨ ᠰᠢᠰᠲ᠋ᠧᠮ ᠲᠠᠢ ᠪᠠᠶᠢᠬᠤ ᠶᠢ ᠨᠤᠲᠠᠯᠠᠵᠠᠢ᠃ ᠡᠨᠡ ᠬᠦ ᠭᠤᠷᠪᠠᠨ ᠳᠠᠪᠬᠤᠷ ᠬᠤᠷᠢᠭᠯᠠᠯᠲᠠ ᠶᠢᠨ ᠰᠢᠰᠲ᠋ᠧᠮ ᠪᠣᠯ ᠪᠣᠷᠣᠲᠣᠬᠤᠶ ᠣᠷᠣᠨ ᠤ ᠠᠶᠢᠯ ᠰᠠᠭᠤᠷᠢᠰᠢᠯ ᠤᠨ ᠬᠡᠯᠪᠡᠷᠢ ᠪᠠᠶᠢᠳᠠᠯ ᠤᠨ ᠠᠮᠢᠳᠤᠯᠢᠭ ᠵᠢᠱᠢᠶ᠎ᠡ ᠪᠣᠯᠣᠨ᠎ᠠ᠃ 4 ᠵᠢᠯ ᠤᠨ ᠮᠠᠯᠳᠠᠯᠳᠠ ᠰᠢᠨᠵᠢᠯᠡᠭᠡ ᠵᠢᠴᠢ ᠤᠯᠳᠠᠭᠰᠠᠨ ᠬᠠᠰ᠂ ᠸᠠᠭᠠᠷ᠂ ᠴᠢᠯᠠᠭᠤ᠂ ᠶᠠᠰᠤ ᠵᠡᠷᠭᠡ ᠠᠳᠠᠯᠢ ᠪᠤᠰᠤ ᠦᠯᠡᠳᠡᠭᠳᠡᠯ ᠠᠴᠠ ᠲᠤᠰ ᠴᠢᠯᠠᠭᠤᠨ ᠬᠤᠲᠠ ᠶᠢᠨ ᠬᠠᠶᠢᠰᠠᠩ ᠤᠨ ᠪᠦᠲᠦᠴᠡ ᠪᠠ ᠰᠣᠶᠣᠯ ᠤᠨ ᠠᠭᠤᠯᠤᠭᠳᠠᠬᠤᠨ ᠢ ᠲᠣᠳᠣᠷᠬᠠᠶᠢᠯᠠᠵᠠᠢ᠃ ᠲᠤᠰ ᠪᠠᠭᠤᠷᠢ ᠶᠢᠨ ᠢᠯᠡᠷᠡᠭᠦᠯᠦᠯᠲᠡ ᠨᠢ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠭᠠᠵᠠᠷ ᠣᠷᠣᠨ ᠤ 4000 ᠵᠢᠯ ᠤᠨ ᠡᠮᠦᠨ᠎ᠡ ᠬᠤᠶᠢᠨᠠᠬᠢ ᠪᠠᠶᠢᠳᠠᠯ ᠢ ᠢᠯᠡᠷᠡᠬᠦᠯᠵᠦ᠂ ᠡᠷᠲᠡ ᠦᠶ᠎ᠡ ᠶᠢᠨ ᠳᠤᠮᠳᠠᠳᠤ ᠤᠯᠤᠰ ᠤᠨ ᠪᠣᠯᠪᠠᠰᠤᠨ ᠤ ᠠᠬᠢᠴᠠ ᠳᠤᠮᠳᠠᠬᠢ ᠡᠬᠢ ᠪᠤᠯᠠᠭ ᠪᠣᠯᠣᠨ ᠤᠷᠤᠰᠬᠠᠯ ᠪᠣᠯᠣᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ