ᠪᠣᠣ ᠭᠠᠩ ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 24 ᠤ ᠡᠳᠦᠷ᠂ ᠮᠠᠨ ᠤ ᠬᠤᠳᠠ ᠱᠤᠸᠠᠩ ᠵᠢᠶᠧ ᠴᠠᠬᠢᠯᠭᠠᠨ ᠤ ᠪᠦᠯᠦᠭᠯᠡᠯ ᠲᠠᠢ ᠰᠢᠨ᠎ᠡ ᠡᠨᠧᠷᠭᠢ ᠶᠢᠨ ᠳᠡᠭᠡᠳᠦ | ᠲᠡᠰ ᠤᠨ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ | ᠵᠣᠣ ᡁᠢ ᠬᠤᠩ᠂ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠶᠡᠷᠦᠩᠬᠡᠢ ᠵᠠᠬᠢᠷᠤᠭᠴᠢ ᠶᠤᠸᠠᠨ ᠰᠢᠤᠸᠠᠢ ᠧᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠯᠡᠯᠴᠡᠭᠡᠷ ᠲᠣᠭᠲᠠᠭᠰᠠᠨ ᠲᠥᠷᠥᠯ ᠵᠦᠢᠯ ᠨᠢ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ | ᠣᠷᠣᠵᠤ᠂ ᠤᠯᠠᠮᠵᠢᠯᠠᠯᠲᠤ ᠴᠠᠬᠢᠯᠭᠠᠨ ᠬᠦᠴᠦᠨ ᠤ ᠢᠵᠢ ᠪᠦᠷᠢᠳᠦᠭᠦᠯᠬᠦ ᠵᠢᠴᠢ ᠰᠢᠨ᠎ᠡ ᠡᠨᠧᠷᠭᠢ ᠶᠢᠨ ᠣᠶᠤᠨᠲᠤ ᠬᠠᠶᠢᠷᠴᠠᠭᠲᠤ ᠬᠦᠴᠦᠳᠡᠯ ᠥᠭᠡᠷᠡᠴᠢᠯᠡᠭᠴᠢ᠂ ᠡᠨᠧᠷᠭᠢ | ᠬᠠᠳᠠᠭᠠᠯᠠᠬᠤ ᠵᠡᠷᠭᠡ ᠴᠠᠬᠢᠯᠭᠠᠨ ᠬᠦᠴᠦᠨ ᠤ ᠡᠯᠧᠺᠲᠷᠣᠨ ᠦᠢᠯᠡᠳᠬᠦᠨ ᠦᠢᠯᠡᠳᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠨᠡᠶᠢᠲᠡ 100 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠤᠨ᠎ᠠ᠃ ᠡᠭᠦᠨ ᠤ ᠬᠠᠮᠲᠤ᠂ ᠱᠤᠸᠠᠩ ᠵᠢᠶᠧ ᠴᠠᠬᠢᠯᠭᠠᠨ ᠪᠠᠰᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠲᠠᠢ ᠰᠢᠨ᠎ᠡ ᠡᠨᠧᠷᠭᠢ ᠶᠢᠨ ᠲᠥᠬᠦᠭᠡᠷᠦᠮᠵᠢ ᠪᠣᠯᠣᠨ ᠡᠨᠧᠷᠭᠢ ᠬᠠᠳᠠᠭᠠᠯᠠᠬᠤ ᠬᠦᠷᠢᠶᠡᠨ ᠳᠤ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠠᠷ ᠲᠥᠯᠥᠪᠯᠡᠵᠦ ᠪᠤᠢ᠃ | ᠬᠡᠯᠡᠯᠴᠡᠭᠡᠷ ᠲᠣᠭᠲᠠᠬᠤ ᠠᠴᠠ ᠡᠮᠦᠨ᠎ᠡ᠂ ᠬᠤᠶᠠᠷ ᠲᠠᠯ᠎ᠠ ᠪᠠᠷ ᠢᠶᠠᠨ ᠰᠠᠭᠤᠳᠠᠯ ᠤᠨ ᠬᠤᠷᠠᠯ ᠬᠤᠷᠠᠯᠳᠤᠭᠤᠯᠤᠨ ᠰᠠᠨᠠᠯ ᠢᠶᠠᠨ ᠰᠣᠯᠢᠯᠴᠠᠪᠠ᠃ ᠪᠣᠣ ᠭᠠᠩ ᠬᠡᠯᠡᠬᠦ ᠳᠡᠭᠡᠨ᠂ | ᠱᠤᠸᠠᠩ ᠵᠢᠶᠧ ᠴᠠᠬᠢᠯᠭᠠᠨ ᠤ ᠬᠥᠬᠡᠬᠤᠲᠠ ᠳᠤ ᠪᠠᠶᠢᠷᠢᠰᠢᠭᠤᠯᠤᠭᠰᠠᠨ ᠠᠵᠤ ᠦᠢᠯᠡᠰ ᠤᠨ ᠲᠦᠷᠦᠯ ᠵᠦᠢᠯ ᠨᠢ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠮᠠᠨ ᠤ | ᠬᠤᠳᠠ ᠶᠢᠨ ᠴᠡᠪᠡᠷ ᠡᠨᠧᠷᠭᠢ ᠪᠣᠯᠣᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠪᠥᠭᠡᠮᠨᠡᠷᠡᠯ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠱᠤᠸᠠᠩ ᠵᠢᠶᠧ ᠴᠠᠬᠢᠯᠭᠠᠨ ᠤ ᠬᠡᠯᠡᠯᠴᠡᠭᠡᠷ ᠲᠣᠭᠲᠠᠭᠰᠠᠨ ᠲᠦᠷᠦᠯ ᠵᠦᠢᠯ ᠤᠨ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ᠂ ᠮᠠᠨ ᠤ ᠬᠤᠳᠠ ᠶᠢᠨ ᠬᠢᠨ ᠦᠢᠯᠡᠴᠢᠯᠡᠭᠡ ᠪᠠᠨ ᠨᠠᠷᠢᠨ ᠨᠢᠮᠪᠠᠢ ᠰᠠᠶᠢᠲᠤᠷ ᠬᠢᠵᠦ᠂ | ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ | ᠰᠠᠶᠢᠬᠠᠨ ᠣᠷᠴᠢᠨ ᠲᠣᠭᠤᠷᠢᠨ ᠢ ᠡᠭᠦᠳᠴᠦ᠂ ᠠᠵᠤ ᠠᠬᠤᠶᠢᠯᠠᠯ ᠤᠨ ᠬᠥᠬᠡᠬᠤᠲᠠ ᠳᠤ ᠬᠦᠴᠦᠷᠬᠡᠭᠵᠢᠨ ᠬᠦᠴᠦᠷᠬᠡᠭᠵᠢᠬᠦ ᠳᠤ ᠬᠦᠴᠦᠨ ᠨᠡᠮᠡᠷᠢᠯᠡᠨ᠎ᠡ ᠭᠡᠵᠡᠢ᠃ | ᠵᠤᠤ ᡁᠢ ᠬᠤᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠱᠤᠸᠠᠩ ᠵᠢᠶᠧ ᠴᠠᠬᠢᠯᠭᠠᠨ ᠢ ᠶᠡᠬᠡᠪᠡᠷ ᠳᠡᠮᠵᠢᠵᠦ ᠪᠠᠶᠢᠭ᠎ᠠ ᠳᠤ ᠲᠠᠯᠠᠷᠬᠠᠵᠤ᠂ | ᠣᠨᠴᠠᠭᠠᠶᠢᠯᠠᠨ ᠬᠥᠬᠡᠬᠤᠲᠠ ᠶᠢᠨ ᠬᠢᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠤ ᠪᠣᠳᠠᠲᠠᠢ ᠶᠢ ᠡᠷᠬᠢᠮᠯᠡᠭᠰᠡᠨ ᠥᠨᠳᠥᠷ ᠦᠷ᠎ᠡ ᠪᠦᠲᠦᠮᠵᠢᠲᠡᠢ ᠲᠠᠢ ᠣᠪᠣᠷ | ᠬᠠᠷᠢᠭᠤᠴᠠᠯᠭ᠎ᠠ ᠨᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ᠂ ᠠᠵᠢᠯ ᠡᠬᠢᠯᠡᠭᠦᠯᠬᠦ ᠵᠣᠷᠢᠭ᠂ ᠬᠥᠭᠵᠢᠯᠲᠡ ᠶᠢᠨ ᠪᠠᠷᠢᠮᠲᠠᠯᠠᠯ ᠢ ᠪᠠᠲᠤᠳᠬᠠᠪᠠ᠃ ᠱᠤᠸᠠᠩ ᠵᠢᠶᠧ | ᠴᠠᠬᠢᠯᠭᠠᠨ ᠲᠤᠰ ᠤᠳᠠᠭ᠎ᠠ ᠶᠢᠨ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ | ᠨᠡᠮᠡᠷᠢᠯᠡᠨ᠎ᠡ ᠭᠡᠵᠡᠢ᠃ | ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠲᠠᠯ᠎ᠠ ᠬᠢᠭᠡᠳ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠥᠪᠥᠷ ᠮᠣᠩᠭᠤᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠳ᠋ᠠᠩ ᠬᠤᠶ | ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠯᠢᠦ ᠵᠢᠢ ᠶᠢᠩ᠂ ᠯᠢᠦ ᠵᠠᠨ ᠶᠢᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |