︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 24 ᠤ ᠡᠳᠦᠷ᠂ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ | ᠬᠤᠷᠠᠯ ᠠᠴᠠ ᠭᠤᠣᠯᠯᠠᠨ ᠡᠷᠬᠢᠯᠡᠵᠦ᠂ ᠵᠤᠤ ᠵᠢᠶᠦ᠋ᠨ ᠮᠦᠽᠧᠢ ᠠᠴᠠ ᠳᠠᠭᠠᠭᠠᠴᠢᠯᠠᠨ ᠡᠷᠬᠢᠯᠡᠭᠰᠡᠡ 2023 ᠣᠨ ᠤ ᠪᠦᠬᠦ ᠬᠤᠳᠠ ᠶᠢᠨ ᠬᠤᠶᠠᠳᠤᠭᠠᠷ | ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠭᠦᠯᠦᠭᠰᠡᠨ ᠠᠵᠢᠯᠯᠠᠭ᠎ᠠ ᠵᠤᠤ ᠵᠢᠶᠦ᠋ᠨ ᠮᠦᠽᠧᠢ ᠳᠤ ᠡᠬᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ︽︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠳᠤᠭᠤᠨ ᠤ | ᠰᠤᠳᠤᠯᠤᠯ ᠤᠨ ᠬᠡᠯᠲᠡᠰ ᠤᠨ ᠪᠠᠭᠰᠢ᠂ ᠬᠥᠬᠡᠬᠤᠲᠠ ᠶᠢᠨ ᠭᠦᠨ ᠤᠬᠠᠭᠠᠨ ᠤ ᠨᠡᠶᠢᠭᠡᠮᠯᠢᠭ ᠤᠨ ᠠᠯᠪᠠᠨ ᠭᠡᠷ ᠤᠨ ᠡᠷᠬᠢᠯᠡᠭᠴᠢ ᠳ᠋ᠧᠩ ᠴᠢᠩ ᠨᠠᠨ ᠢ ᠤᠷᠢᠵᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠰᠦᠷᠯᠢᠭ ᠰᠠᠶᠢᠬᠠᠨ ᠵᠢᠷᠤᠭ ᠢ ᠬᠠᠮᠲᠤ ᠪᠠᠷ ᠵᠢᠷᠤᠭᠯᠠᠶ᠎ᠠ︾ ᠭᠡᠬᠦ ᠭᠤᠣᠯ ᠰᠡᠳᠦᠪᠲᠦ ᠲᠠᠶᠢᠯᠤᠮᠵᠢ ᠬᠢᠯᠭᠡᠵᠡᠢ᠃ | ᠳ᠋ᠧᠩ ᠴᠢᠩ ᠨᠠᠨ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠦᠨᠳᠦᠰᠦᠨ ᠤᠯᠤᠰ ᠤᠨ ᠪᠠᠶᠢᠳᠠᠯ ᠢ ᠭᠦᠨᠵᠡᠭᠡᠢ | ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠭᠤᠤ ᠶᠡᠭᠡ ᠠᠮᠵᠢᠯᠲᠠ ᠶᠢ ᠪᠦᠬᠦ ᠲᠠᠯ᠎ᠠ ᠪᠠᠷ ᠲᠠᠨᠢᠬᠤ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠲᠠᠯ᠎ᠠ ᠠᠴᠠ ᠬᠤᠷᠠᠯ ᠳᠤ ᠣᠷᠣᠯᠴᠠᠭᠰᠠᠳ ᠲᠤ ᠲᠠᠶᠢᠯᠤᠮᠵᠢ | ᠬᠢᠵᠦ᠂ ᠲᠠᠶᠢᠯᠤᠮᠵᠢ ᠶᠢᠨ ᠰᠢᠵᠢᠮ ᠨᠢ ᠲᠣᠳᠣᠷᠬᠠᠢ᠂ ᠵᠠᠳᠠᠯᠤᠯᠲᠠ ᠨᠢ ᠲᠤᠤᠱᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠢ ᠪᠠᠲᠤᠳᠬᠠᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠦᠵᠡᠭᠦᠯᠵᠡᠢ᠃ | ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠵᠣᠣ ᠵᠢᠶᠦ᠋ᠨ ᠮᠦᠽᠧᠢ ᠶᠢᠨ ᠨᠠᠮ ᠤᠨ ᠭᠡᠰᠢᠭᠦᠨ ᠺᠠᠳ᠋ᠷ᠂ ᠬᠤᠲᠠ ᠶᠢᠨ | ᠬᠠᠷᠢᠶ᠎ᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠵᠣᠣ ᠵᠢᠶᠦ᠋ᠨ ᠮᠦᠽᠧᠢ ᠶᠢ ᠬᠠᠮᠲᠤ ᠪᠠᠶᠢᠭᠤᠯᠬᠤ ᠨᠢᠭᠡᠴᠡ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ |