︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/25
      ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠲᠤᠭᠤᠷᠪᠢᠭᠰᠠᠨ ᠠᠬᠤᠢ ᠪᠠᠶᠢᠳᠠᠯ      ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ︾ ︵ᠳᠣᠷᠣᠭᠰᠢ ︽ᠪᠦᠲᠦᠭᠡᠨ ᠪᠠᠶᠢᠭᠤᠯᠬᠤ ᠳᠦᠷᠢᠮ︾ ᠭᠡᠵᠦ ᠲᠣᠪᠴᠢᠯᠠᠨ᠎ᠠ︶ ᠢ 2007 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠭᠰᠡᠨ ︵  2010 ᠣᠨ᠂ 2021 ᠣᠨ ᠳᠤ ᠬᠤᠶᠠᠷ ᠤᠳᠠᠭ᠎ᠠ ᠵᠠᠰᠠᠪᠤᠷᠢ ᠣᠷᠤᠭᠤᠯᠪᠠ︶ ᠠᠴᠠ ᠨᠠᠰᠢ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠠᠮ ᠳᠤ ᠣᠷᠣᠭᠤᠯᠪᠠ᠃ ᠰᠤᠷᠭᠠᠨ ᠬᠥᠮᠦᠵᠢᠯ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠵᠡᠷᠭᠡ ᠰᠠᠯᠠᠭ᠎ᠠ ᠮᠥᠴᠢᠷ ᠤᠳ ᠢᠳᠡᠪᠬᠢᠲᠡᠢ ᠪᠠᠷ ᠬᠠᠮᠵᠢᠯᠴᠠᠨ᠂ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠰᠢᠶᠠᠨ ᠤ ᠬᠡᠪᠴᠢᠶᠡᠨ ᠳᠠᠬᠢ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠪᠠᠶᠠᠷᠯᠠᠭᠤᠰᠢᠲᠠᠢ ᠠᠮᠵᠢᠯᠲᠠ ᠣᠯᠪᠠ᠃      ᠭᠡᠪᠡᠴᠦ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ ᠳᠤᠮᠳᠠ ᠪᠠᠰᠠ ᠣᠮᠲᠣᠭᠠᠶᠢᠯᠠᠵᠤ ᠪᠣᠯᠣᠰᠢ ᠦᠭᠡᠢ ᠠᠰᠠᠭᠤᠳᠠᠯ ᠤᠳ ᠣᠷᠣᠰᠢᠵᠤ ᠪᠠᠶᠢᠨ᠎ᠠ᠃ ᠨᠢᠭᠡ ᠳᠤ᠂ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠨᠢ ᠬᠠᠷᠢᠴᠠᠩᠭᠤᠢ ᠬᠤᠷᠸ᠎ᠠ ᠲᠠᠯ᠎ᠠ ᠲᠠᠢ ᠪᠠᠶᠢᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠡᠷᠡᠭᠵᠢᠭᠦᠯᠬᠦ ᠶᠠᠪᠤᠴᠠ ᠳᠤ᠂ ᠪᠠᠷᠢᠮᠵᠢᠶ᠎ᠠ ᠶᠢ ᠡᠵᠡᠮᠳᠡᠬᠦ ᠲᠠᠯ᠎ᠠ ᠪᠠᠷ ᠵᠣᠬᠢᠬᠤ ᠲᠣᠭᠲᠠᠪᠤᠷᠢ ᠦᠭᠡᠢ ᠴᠢᠨᠠᠷ ᠲᠠᠢ ᠪᠠᠶᠢᠳᠠᠭ᠃ ᠬᠤᠶᠠᠷ ᠲᠤ ᠬᠤᠳᠠ ᠶᠢᠨ ᠬᠥᠭᠵᠢᠯᠲᠡ ᠶᠢ ᠳᠠᠭᠠᠯᠳᠤᠨ᠂ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠭᠠᠵᠠᠷ ᠣᠷᠣᠨ ᠳᠤ ᠢᠵᠢ ᠪᠦᠷᠢᠳᠦᠭᠰᠡᠨ ᠰᠤᠷᠭᠠᠨ ᠬᠥᠮᠦᠵᠢᠯ ᠳᠤ ᠬᠡᠷᠡᠭᠯᠡᠬᠦ  ᠲᠥᠯᠦᠪᠵᠢᠭᠦᠯᠭᠡ ᠶᠢᠨ ᠭᠠᠵᠠᠷ ᠳᠤᠲᠠᠭᠳᠠᠵᠤ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠬᠠᠷᠢᠴᠠᠩᠭᠤᠢ ᠪᠠᠷ ᠬᠤᠴᠤᠷᠤᠩᠭᠤᠢ ᠪᠠᠶᠢᠨ᠎ᠠ᠃ ᠭᠤᠷᠪᠠ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠳᠤᠮᠳᠠᠴᠢ ᠬᠡᠷᠡᠭᠯᠡᠬᠦ ᠭᠠᠵᠠᠷ ᠤᠨ ᠪᠠᠷᠢᠮᠵᠢᠶ᠎ᠠ ᠨᠢ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠤᠨ ᠲᠣᠭᠲᠠᠭᠠᠯ ᠳᠤ ᠬᠦᠷᠬᠦ ᠦᠭᠡᠢ᠂ ᠬᠤᠲᠠ ᠶᠢᠨ ᠳᠥᠷᠪᠡᠨ ᠲᠣᠭᠤᠷᠢᠭ ᠤᠨ ᠬᠠᠭᠤᠴᠢᠨ ᠬᠤᠲᠠ ᠶᠢᠨ ᠲᠣᠭᠤᠷᠢᠭ ᠢ ᠥᠭᠡᠷᠡᠴᠢᠯᠡᠬᠦ ᠳᠤ ᠰᠤᠷᠭᠠᠭᠤᠯᠢ ᠶᠢᠨ ᠬᠡᠷᠡᠭᠯᠡᠬᠦ ᠭᠠᠵᠠᠷ ᠢ ᠨᠥᠬᠦᠪᠦᠷᠢᠯᠡᠬᠦ ᠶᠢ ᠪᠣᠳᠣᠯᠬᠢᠯᠠᠬᠤ ᠳᠤ ᠮᠠᠰᠢ ᠬᠦᠴᠢᠷᠲᠡᠢ ᠪᠠᠶᠢᠵᠤ᠂ ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠳᠤᠮᠳᠠᠴᠢ ᠡᠵᠡᠯᠡᠬᠦ ᠭᠠᠵᠠᠷ᠂ ᠠᠵᠢᠯᠯᠠᠭᠠᠨ ᠤ ᠲᠠᠯᠠᠪᠤᠷ ᠤᠨ ᠲᠠᠯᠠᠪᠠᠶ ᠨᠢ ᠨᠡᠯᠢᠶᠡᠳ ᠪᠠᠭ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠪᠠᠷᠢᠮᠵᠢᠶ᠎ᠠ ᠳᠤ ᠬᠤᠯᠠ ᠬᠦᠷᠬᠦ ᠦᠭᠡᠢ ᠪᠠᠶᠢᠨ᠎ᠠ᠃ ᠳᠥᠷᠪᠡ ᠳᠤ ᠣᠷᠣᠨ ᠰᠠᠭᠤᠴᠠ ᠶᠢᠨ ᠲᠣᠭᠤᠷᠢᠭ ᠢ ᠨᠡᠭᠡᠭᠡᠨ ᠬᠥᠭᠵᠢᠭᠦᠯᠬᠦ ᠳᠤ ᠲᠣᠬᠢᠷᠠᠭᠤᠯᠤᠨ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠡᠷᠡᠭᠯᠡᠬᠦ ᠡᠷᠬᠡ ᠶᠢᠨ ᠬᠠᠷᠢᠶᠠᠯᠠᠯ ᠪᠠ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠢ ᠲᠣᠳᠣᠷᠬᠠᠢ ᠲᠣᠭᠲᠠᠭᠠᠬᠤ ᠬᠡᠷᠡᠭᠲᠡᠢ︔ ᠢᠵᠢ ᠪᠦᠷᠢᠳᠦᠭᠦᠯᠦᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠲᠤ ᠲᠦᠷᠢᠶᠡᠰᠦᠯᠡᠭᠦᠯᠬᠦ᠂ ᠬᠤᠳᠠᠯᠳᠤᠬᠤ ᠮᠥᠷᠲᠡᠭᠡᠨ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠡᠷᠭᠢᠯᠡᠬᠦ ᠠᠰᠠᠭᠤᠳᠠᠯ ᠣᠷᠣᠰᠢᠵᠤ᠂ ᠡᠲᠡᠭᠡᠷ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠶᠠᠰᠤ ᠴᠢᠨᠠᠷ ᠤᠨ ᠲᠠᠰ ᠳᠠᠪᠬᠤᠷᠭ᠎ᠠ ᠨᠢ ᠠᠳᠠᠯᠢ ᠦᠭᠡᠢ᠂ ᠬᠤᠷᠢᠶᠠᠬᠤ ᠰᠦᠢᠳᠬᠡᠯ ᠨᠢ ᠥᠨᠳᠥᠷ ᠰᠢᠭ᠂ ᠠᠷᠠᠳ ᠣᠯᠠᠨ ᠤ ᠠᠵᠤ ᠠᠬᠤᠢ ᠶᠢᠨ ᠳᠠᠷᠤᠭᠠᠰᠤ ᠬᠦᠨᠳᠦ ᠪᠠᠶᠢᠨ᠎ᠠ᠃ ᠵᠠᠷᠢᠮ ᠢᠵᠢ ᠪᠦᠷᠢᠳᠦᠭᠦᠯᠦᠭᠰᠡᠨ ᠬᠡᠦᠬᠡᠳ ᠤᠨ ᠴᠡᠴᠡᠷᠯᠢᠭ ᠤᠨ ᠵᠢᠷᠤᠭ ᠲᠥᠯᠥᠪᠯᠡᠭᠡ ᠨᠢ ᠲᠤᠰᠬᠠᠢ ᠮᠡᠷᠭᠡᠵᠢᠯ ᠤᠨ ᠬᠢ ᠳᠤ ᠬᠦᠷᠬᠦ ᠦᠭᠡᠢ ᠪᠠᠶᠢᠵᠤ᠂ ᠵᠠᠷᠢᠮ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠲᠥᠯᠦᠪᠵᠢᠭᠦᠯᠭᠡ ᠶᠣᠰᠣᠭᠠᠷ ᠬᠡᠦᠬᠡᠳ ᠤᠨ ᠴᠡᠴᠡᠷᠯᠢᠭ ᠪᠠᠶᠢᠭᠤᠯᠤᠭᠰᠠᠨ ᠦᠭᠡᠢ᠃      ᠳᠡᠭᠡᠷ᠎ᠡ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠵᠦ᠂ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠨᠡᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2019 ᠣᠨ ᠤ 14  ᠳ᠋ᠤᠭᠡᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠠᠵᠢᠯ ᠤᠨ ᠪᠠᠶᠢᠷᠢᠯᠠᠭᠤᠯᠤᠯᠲᠠ ᠬᠢᠵᠡᠢ᠃ 2022 ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠣᠷᠣᠨ ᠤ ᠲᠥᠪ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠤᠬᠠᠢ ᠰᠠᠨᠠᠯ︾ ︵ᠬᠥᠬᠡᠬᠤᠲᠠ ᠨᠠᠮ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠳᠤ ᠬᠤᠲᠠ ᠶᠢᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠣᠭᠲᠠᠭᠠᠵᠤ ᠨᠡᠶᠢᠲᠡᠯᠡᠨ᠎ᠡ ᠭᠡᠵᠦ ᠤᠯᠠᠮ ᠨᠢᠭᠡ ᠠᠯᠬᠤᠮ ᠲᠣᠳᠣᠷᠬᠠᠢ ᠳᠤᠷᠠᠳᠤᠨ ᠭᠠᠷᠭᠠᠪᠠ᠃ ︽ᠬᠡᠷᠡᠭᠵᠢᠭᠦᠯᠬᠦ ᠠᠷᠭ᠎ᠠ︾ ᠶᠢ ᠨᠡᠶᠢᠲᠡᠯᠡᠬᠦ ᠨᠢ ᠰᠤᠷᠭᠠᠭᠤᠯᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠰᠤᠷᠭᠠᠭᠤᠯᠢ ᠶᠢᠨ ᠪᠠᠶᠢᠷᠢᠰᠢᠯ ᠢ ᠲᠡᠭᠦᠯᠳᠡᠷᠵᠢᠭᠦᠯᠬᠦ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠠᠭᠠᠯᠠᠬᠤ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠵᠢᠷᠤᠮᠵᠢᠭᠤᠯᠬᠤ ᠂ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠠᠩ ᠬᠦᠴᠦᠲᠡᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠵᠦᠢ ᠵᠣᠬᠢᠰ ᠦᠭᠡᠢ ᠪᠠᠶᠢᠬᠤ ᠣᠳᠣᠬᠢ ᠪᠠᠶᠢᠳᠠᠯ ᠢ ᠲᠤᠶᠢᠯ ᠤᠨ ᠶᠡᠬᠡᠪᠡᠷ ᠰᠠᠶᠢᠵᠢᠷᠠᠭᠤᠯᠤᠨ ᠂ ᠬᠤᠲᠠ ᠶᠢᠨ ᠵᠣᠬᠢᠴᠠᠩᠭᠤᠢ ᠲᠦᠷᠭᠡᠨ ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃      ︽ᠬᠥᠬᠡᠬᠤᠲᠠ ᠶᠢᠨ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢᠨ ᠭᠤᠣᠯ ᠠᠭᠤᠯᠭ᠎ᠠ      ︽ᠬᠡᠷᠡᠭᠵᠢᠭᠦᠯᠬᠦ ᠠᠷᠭ᠎ᠠ︾ ᠨᠢ ᠨᠡᠶᠢᠲᠡ ᠠᠷᠪᠠᠨ ᠵᠦᠢᠯ ᠲᠠᠢ᠂ ᠭᠤᠣᠯᠳᠠᠭᠤ ᠳᠥᠷᠪᠡᠨ ᠬᠡᠰᠡᠭ ᠬᠤᠪᠢᠶᠠᠵᠤ᠂ ᠨᠢᠭᠡᠳᠦᠭᠡᠷ ᠬᠡᠰᠡᠭ ︵ᠨᠢᠭᠡᠳᠦᠭᠡᠷ᠂ ᠬᠤᠶᠠᠳᠤᠭᠠᠷ ᠵᠦᠢᠯ︶ ᠲᠤ ᠭᠤᠣᠯᠳᠠᠭᠤ ᠲᠣᠰ ᠠᠷᠭ᠎ᠠ ᠶᠢ ᠲᠣᠭᠲᠠᠭᠠᠭᠰᠠᠨ ᠰᠢᠯᠲᠠᠭᠠᠨ ᠵᠢᠴᠢ ᠦᠢᠯᠡᠳᠦᠯ ᠢ ᠲᠣᠳᠤᠷᠬᠠᠶᠢᠯᠠᠪᠠ︔ ᠬᠤᠶᠠᠳᠤᠭᠠᠷ ᠬᠡᠰᠡᠭ ︵ᠭᠤᠷᠪᠠ  ᠠᠴᠠ ᠳᠣᠯᠣᠳᠤᠭᠠᠷ ᠵᠦᠢᠯ︶ ᠲᠤ ᠭᠤᠣᠯᠳᠠᠭᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠪᠠᠶᠢᠭᠤᠯᠬᠤ ᠳᠤ ᠤᠯᠤᠰ ᠤᠨ ᠭᠠᠵᠠᠷ ᠰᠢᠷᠣᠢ  ᠶᠢᠨ ᠣᠷᠣᠨ ᠵᠠᠢ  ᠶᠢᠨ ᠲᠥᠯᠦᠪᠵᠢᠭᠦᠯᠭᠡ ᠠᠴᠠ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠡᠷᠬᠢᠨ ᠪᠠᠲᠤᠯᠠᠬᠤ ᠵᠡᠷᠭᠡ ᠲᠠᠯ᠎ᠠ ᠶᠢᠨ ᠠᠭᠤᠯᠭ᠎ᠠ  ᠶᠢ ᠲᠣᠳᠤᠷᠬᠠᠶᠢᠯᠠᠪᠠ︔ ᠭᠤᠷᠪᠠᠳᠤᠭᠠᠷ ᠬᠡᠰᠡᠭ ︵ᠨᠠᠢᠮᠠᠳᠤᠭᠠᠷ ᠵᠦᠢᠯ︶ ᠲᠤ ᠭᠤᠣᠯᠳᠠᠭᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠵᠢᠴᠢ ᠬᠠᠷᠢᠶ᠎ᠠ ᠣᠷᠣᠨ ᠤ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ  ᠲᠣᠳᠤᠷᠬᠠᠶᠢᠯᠠᠪᠠ︔ ᠳᠥᠷᠪᠡᠳᠦᠭᠡᠷ ᠬᠡᠰᠡᠭ ︵ᠶᠢᠰᠦᠳᠦᠭᠡᠷ ᠵᠦᠢᠯ︶ ᠲᠤ ᠭᠤᠣᠯᠳᠠᠭᠤ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤᠮᠳᠠᠬᠢ ᠡᠯ᠎ᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ᠃      ︽ᠬᠡᠷᠡᠭᠵᠢᠭᠦᠯᠬᠦ ᠠᠷᠭ᠎ᠠ︾ ᠳᠤ ᠳᠥᠷᠪᠡᠨ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ  ᠴᠢᠩᠭᠠᠳᠬᠠᠪᠠ᠄      ︵ᠨᠢᠭᠡ︶ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠠᠪᠤᠴᠠ ᠳᠠᠬᠢ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠢᠴᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠶᠢᠨ ᠲᠣᠬᠢᠷᠠᠭᠤᠯᠤᠨ ᠪᠠᠶᠢᠭᠤᠯᠬᠤ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠤᠶᠤ ᠬᠢᠨᠠᠨ ᠬᠠᠷᠭᠤᠭᠤᠯᠬᠤ ᠳᠤ ᠣᠷᠤᠯᠴᠠᠬᠤ ᠬᠡᠷᠡᠭᠲᠡᠢ ᠭᠡᠬᠦ ᠠᠭᠤᠯᠭ᠎ᠠ ᠶᠢ ᠨᠡᠮᠡᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠠᠷᠢᠭᠤᠴᠠᠯᠭ᠎ᠠ ᠶᠢ ᠨᠠᠩ ᠳᠣᠪᠤᠶᠢᠯᠭᠠᠪᠠ᠃      ︵ᠬᠤᠶᠠᠷ︶ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ ᠭᠠᠵᠠᠷ ᠰᠢᠷᠣᠢ ᠬᠠᠩᠭᠠᠬᠤ ᠠᠳᠠᠯᠢ ᠪᠤᠰᠤ ᠠᠷᠭ᠎ᠠ ᠮᠠᠶ᠋ᠢᠭ ᠢ ᠲᠣᠳᠣᠷᠬᠠᠢ ᠲᠣᠭᠲᠠᠭᠠᠵᠤ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠰᠢᠷᠣᠢ ᠶᠢᠨ ᠰᠢᠢᠳᠪᠦᠷᠢᠯᠡᠯᠲᠡ ᠶᠢ ᠵᠢᠷᠤᠮᠵᠢᠭᠤᠯᠤᠨ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠪᠠᠶᠢᠳᠠᠯ ᠳᠤ ᠴᠢᠭᠯᠡᠭᠦᠯᠦᠨ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠤᠯᠪᠤᠭᠳᠠᠯ ᠪᠦᠬᠦᠢ ᠴᠣᠪᠤᠷᠠᠯ ᠢ ᠳᠤᠷᠠᠳᠤᠨ ᠭᠠᠷᠭᠠᠵᠤ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠰᠢᠷᠣᠢ ᠶᠢ ᠪᠦᠲᠦᠮᠵᠢᠲᠡᠶ ᠬᠠᠮᠠᠭᠠᠯᠠᠪᠠ᠃      ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠶᠢ ᠲᠣᠳᠣᠷᠬᠠᠶᠢᠯᠠᠵᠤ᠂ ᠬᠤᠲᠠ ᠶᠢᠨ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠵᠡᠷᠭᠡ ᠬᠠᠤᠯᠢ ᠪᠠᠷ ᠲᠣᠭᠲᠠᠭᠠᠭᠰᠠᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠵᠢᠴᠢ ᠬᠠᠷᠢᠶ᠎ᠠ ᠣᠷᠣᠨ ᠤ ᠵᠠᠰᠠᠭ ᠤᠨ ᠣᠷᠳᠣᠨ ᠤ ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ   ᠨᠠᠶᠢᠳᠠᠪᠤᠷᠢᠵᠢᠭᠤᠯᠪᠠ︔ ᠡᠭᠦᠨ ᠤ ᠬᠠᠮᠲᠤ ᠪᠠᠰᠠ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠣᠷᠣᠯᠠᠨ ᠪᠠᠶᠢᠭᠤᠯᠬᠤ ᠪᠤᠶᠤ ᠲᠤᠰᠠᠯᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠤᠨ᠎ᠠ᠃      ︵ᠳᠥᠷᠪᠡ︶ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ ᠣᠷᠣᠨ ᠰᠠᠭᠤᠴᠠ ᠶᠢᠨ ᠬᠤᠷᠢᠶᠠᠯᠠᠯ ᠳᠤ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠬᠦ ᠳᠤ ᠪᠦᠲᠦᠭᠡᠨ ᠪᠠᠶᠢᠭᠤᠯᠬᠤ ᠪᠠᠷᠢᠮᠵᠢᠶ᠎ᠠ᠂ ᠬᠡᠪᠴᠢᠶ᠎ᠡ᠂ ᠥᠮᠴᠢᠯᠡᠬᠦ ᠡᠷᠬᠡ ᠵᠡᠷᠭᠡ ᠠᠭᠤᠯᠭ᠎ᠠ ᠶᠢ ᠤᠷᠢᠳᠠᠪᠡᠷ ᠪᠣᠯᠵᠤᠨ ᠲᠤᠭᠲᠠᠬᠤ ᠶᠢ ᠲᠣᠳᠣᠷᠬᠠᠶᠢᠯᠠᠭᠰᠠᠨ ᠤ ᠬᠠᠮᠲᠤ ᠪᠦᠲᠦᠭᠡᠨ ᠪᠠᠶᠢᠭᠤᠯᠬᠤ ᠵᠢᠴᠢ ᠰᠢᠯᠵᠢᠭᠦᠯᠦᠨ ᠲᠤᠰᠢᠶᠠᠬᠤ ᠶᠠᠪᠤᠴᠠ ᠳᠠᠬᠢ ᠡᠯ᠎ᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠠᠶᠢᠯᠪᠤᠷᠢᠯᠠᠭᠴᠢ᠄ ᠶᠠᠩ ᠯᠧᠢ᠂ ᠬᠠᠷᠢᠯᠴᠠᠬᠤ ᠤᠲᠠᠰᠤ᠄ 4606417
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ