ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠬᠤ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/5/25
         ᠬᠥᠬᠡᠬᠤᠲᠠ ᠵᠠᠰᠠᠭ ᠲᠠᠷᠬᠠᠭᠠᠭᠰᠠᠨ ﹇2022﹈ 47 ᠳ᠋ᠤᠭᠠᠷ ᠲᠣᠭᠠᠲᠤ   ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄      ᠡᠳᠦᠭᠡ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠡᠨᠧᠷᠭᠢ ᠠᠷᠪᠢᠯᠠᠬᠤ ᠲᠥᠯᠥᠪᠵᠢᠭᠦᠯᠭᠡ ﹀ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃             ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ            ᠡᠨᠧᠷᠭᠢ ᠠᠷᠪᠢᠯᠠᠬᠤ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ          ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠬᠤ ᠲᠥᠯᠥᠪᠵᠢᠭᠦᠯᠭᠡ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠤᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢᠨ ᠲᠤᠰᠠᠲᠠ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃            ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ  ᠴᠢᠬᠤᠯᠠ ᠵᠢᠭᠠᠪᠤᠷᠢ ᠴᠤᠬᠤᠯᠠᠪᠤᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠲᠠ︾ ᠶᠢ ᠡᠭᠦᠳᠦᠨ ᠪᠦᠲᠦᠭᠡᠬᠦ ᠪᠠᠷ ᠴᠢᠷᠮᠠᠶᠢᠬᠤ᠂ ︽ᠳᠥᠷᠪᠡᠨ ᠣᠷᠣᠨ ᠪᠦᠰᠡ ᠶᠢᠨ ᠲᠥᠪ︾ ᠢ ᠪᠠᠶᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ  ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠲᠤᠮᠤ ᠠᠵᠤ  ᠦᠢᠯᠡᠰ ᠤᠨ ᠪᠦᠭᠡᠮᠨᠡᠷᠡᠯ︾ ᠢ ᠪᠤᠶᠢᠵᠢᠭᠤᠯᠬᠤ ᠬᠠᠷᠠᠯᠲᠠ ᠶᠢᠨ ᠲᠤᠭᠤᠷᠢᠨ ᠳᠤ᠂ ᠠᠮᠢ ᠠᠬᠤᠶ ᠶᠢ  ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠥᠬᠡᠶ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤ ᠴᠤᠭᠴᠠᠯᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠢᠳᠡᠪᠬᠢᠲᠡᠶ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ ᠵᠤᠭᠰᠤᠭᠠᠵᠤ᠂ ᠠᠵᠤ ᠦᠢᠯᠡᠳᠪᠦᠷᠢ᠂ ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠣᠯᠠᠨ ᠨᠡᠶᠢᠲᠡ ᠶᠢᠨ ᠪᠠᠶᠢᠭᠤᠯᠤᠮᠵᠢ᠂ ᠠᠷᠠᠯᠵᠢᠶ᠎ᠡ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠡᠨᠧᠷᠭᠢ ᠠᠷᠪᠢᠯᠠᠬᠤ ᠭᠤᠣᠯᠳᠠᠯᠭ᠎ᠠ ᠲᠠᠢ ᠪᠠᠷᠢᠯᠭ᠎ᠠ ᠶᠢ ᠶᠡᠬᠡᠪᠡᠷ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠬᠢᠵᠠᠭᠠᠷᠯᠠᠯ ᠢ ᠴᠢᠩᠳᠠᠯᠠᠨ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠤᠯᠭᠠᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠲᠦᠯᠬᠢᠨ ᠠᠬᠢᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠶᠢᠨ ᠬᠤᠷᠤᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃          ᠬᠤᠶᠠᠷ᠂ ᠦᠨᠳᠦᠰᠦᠨ ᠵᠠᠷᠴᠢᠮ      ᠠᠮᠢ ᠠᠬᠤᠶ ᠶᠢ ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠱᠠᠭᠠᠷᠳᠠᠯᠭ᠎ᠠ ᠶᠣᠰᠣᠭᠠᠷ᠂ ᠨᠡᠭᠦᠷᠡᠰᠦᠲᠥ᠋ᠷᠥᠭᠴᠢ  ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ  ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂   ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠦᠨ ᠮᠠᠨ ᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠳᠤᠭᠤᠯᠵᠤ᠂ ᠪᠣᠬᠢᠷᠲᠤᠯ ᠥᠬᠡᠶ ᠠᠷᠢᠭᠤᠨ ᠴᠡᠪᠡᠷ ᠦᠢᠯᠡᠳᠪᠦᠷᠢᠯᠡᠯ᠂ ᠤᠯᠠᠮᠵᠢᠯᠠᠯᠲᠤ ᠦᠢᠯᠡᠳᠬᠦ ᠦᠢᠯᠡᠰ ᠤᠨ ᠪᠣᠬᠢᠷᠲᠤᠯ ᠥᠬᠡᠶ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ︽ᠬᠤᠶᠠᠷ ᠶᠡᠬᠡᠲᠡᠢ︾ ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ ᠵᠤᠭᠰᠤᠭᠠᠵᠤ᠂ ᠡᠬᠢ ᠡᠭᠦᠰᠦᠯ ᠠᠴᠠ ᠨᠢ ᠪᠠᠭᠠᠰᠬᠠᠵᠤ᠂ ᠡᠨᠧᠷᠭᠢ ᠠᠷᠪᠢᠯᠠᠬᠤ᠂ ᠬᠤᠷᠣᠭᠳᠠᠯ ᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠦᠷ᠎ᠡ ᠠᠰᠢᠭ ᠢ ᠨᠡᠮᠡᠭᠳᠡᠭᠦᠯᠬᠦ ᠶᠢ ᠵᠤᠬᠢᠴᠠᠯᠳᠤᠭᠤᠯᠤᠨ ᠠᠬᠢᠭᠤᠯᠤᠨ᠎ᠠ᠃      ᠡᠨᠧᠷᠭᠢ ᠶᠢᠨ ᠠᠰᠢᠭᠯᠠᠮᠵᠢ ᠶᠢ ᠪᠠᠷᠢᠮᠵᠢᠶ᠎ᠠ ᠳᠤ ᠬᠦᠷᠭᠡᠬᠦ ᠪᠠ ᠡᠨᠧᠷᠭᠢ ᠶᠢᠨ ᠵᠦᠢ ᠵᠣᠬᠢᠰᠲᠠᠶ  ᠬᠡᠷᠡᠭᠯᠡᠯᠲᠡ ᠶᠢ ᠪᠠᠲᠤᠯᠠᠬᠤ ᠶᠢ ᠪᠠᠷᠢᠮᠲᠠᠯᠠᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠯ ᠢ ᠴᠢᠩᠳᠠᠯᠠᠵᠤ᠂ ᠭᠤᠤᠯᠳᠠᠯᠭ᠎ᠠ ᠲᠠᠢ ᠬᠦᠷᠢᠶᠡᠨ ᠤ ᠡᠨᠧᠷᠭᠢ ᠶᠢᠨ ᠠᠰᠢᠭᠯᠠᠮᠵᠢ ᠶᠢ ᠪᠠᠷᠢᠮᠵᠢᠶ᠎ᠠ ᠳᠤ ᠬᠠᠷᠭᠤᠭᠤᠯᠤᠨ᠂ ᠡᠨᠧᠷᠭᠢ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠤᠨ ᠠᠰᠢᠭᠯᠠᠮᠵᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠬᠦ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠵᠤ᠂ ᠠᠵᠤ ᠠᠬᠤᠶ ᠶᠢᠨ ᠬᠥᠭᠵᠢᠯᠲᠡ ᠪᠣᠯᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠢᠭᠡᠳᠦᠯᠲᠡᠶ ᠲᠥᠯᠥᠪᠵᠢᠭᠦᠯᠵᠦ ᠂ ᠬᠠᠷᠢᠮᠠᠬᠠᠶ ᠴᠢᠨᠠᠷᠲᠠᠶ ᠬᠠᠮᠢᠶᠠᠷᠤᠯᠲᠠ ᠶᠢ ᠵᠦᠢ ᠵᠣᠬᠢᠰᠲᠠᠶ ᠨᠡᠮᠡᠭᠳᠡᠭᠦᠯᠦᠨ᠂ ᠠᠵᠤ ᠠᠬᠤᠶ ᠨᠡᠶᠢᠭᠡᠮ ᠤᠨ ᠬᠦᠭᠵᠢᠯᠲᠡ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠡᠨᠧᠷᠭᠢ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠶᠢ ᠪᠠᠲᠤᠯᠠᠨ᠎ᠠ᠃      ᠬᠠᠷᠠᠯᠲᠠ ᠲᠠᠢ ᠪᠠᠷ ᠬᠠᠮᠢᠶᠠᠷᠬᠤ ᠪᠠ ᠰᠢᠯᠭᠠᠨ ᠬᠢᠨᠠᠭᠰᠠᠨ ᠦᠷ᠎ᠡ ᠳ᠋ᠦᠩ ᠢ ᠬᠡᠷᠡᠭᠯᠡᠬᠦ ᠶᠢ ᠪᠠᠷᠢᠮᠲᠠᠯᠠᠨ᠎ᠠ᠃ ᠡᠨᠧᠷᠭᠢ ᠶᠢᠨ ᠬᠤᠷᠤᠭᠳᠠᠯ ᠢ ᠬᠤᠤᠰ ᠡᠵᠡᠮᠳᠡᠬᠦ ᠬᠠᠷᠠᠯᠲᠠ ᠶᠢᠨ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠬᠠᠷᠠᠯᠲᠠ ᠶᠢ ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠡᠭᠦᠷᠭᠡ ᠬᠠᠷᠠᠯᠲᠠ ᠶᠢ ᠵᠦᠶ ᠵᠣᠬᠢᠰᠲᠠᠶ ᠬᠤᠪᠢᠶᠠᠷᠢᠯᠠᠨ ᠪᠠᠭᠤᠯᠭᠠᠨ᠎ᠠ᠃ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠳᠠᠯᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ ᠢ ᠬᠥᠬᠢᠭᠦᠯᠦᠨ ᠵᠣᠷᠢᠭᠵᠢᠭᠤᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠬᠦ ᠬᠠᠷᠠᠯᠲᠠ ᠶᠢ ᠰᠠᠶᠢᠲᠤᠷ ᠪᠡᠶᠡᠯᠡᠭᠦᠯᠦᠭᠰᠡᠨ ᠥᠬᠡᠶ ᠭᠠᠵᠠᠷ ᠣᠷᠣᠨ ᠳᠤ ᠲᠣᠭᠲᠠᠭᠠᠯ ᠶᠣᠰᠣᠭᠠᠷ ᠰᠢᠢᠳᠭᠡᠯ ᠦᠭᠭᠦᠨ᠎ᠡ᠃      ᠰᠢᠰᠲ᠋ᠧᠮ ᠲᠠᠢ ᠠᠬᠢᠭᠤᠯᠬᠤ ᠪᠠ ᠭᠤᠣᠯᠳᠠᠯᠭ᠎ᠠ ᠲᠠᠢ ᠬᠦᠷᠢᠶᠡᠨ ᠳᠤ ᠰᠢᠪᠲᠤᠯᠤᠯᠲᠠ ᠭᠠᠷᠭᠠᠬᠤ ᠶᠢ ᠪᠠᠷᠢᠮᠲᠠᠯᠠᠨ᠎ᠠ᠃ ᠪᠦᠬᠦ ᠠᠷᠠᠳ ᠤᠨ ᠡᠨᠧᠷᠭᠢ ᠠᠷᠪᠢᠯᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠢ ᠳᠠᠶᠢᠴᠢᠯᠠᠨ ᠡᠨᠧᠷᠭᠢ ᠠᠷᠪᠢᠯᠠᠬᠤ ᠳᠤ  ᠤᠷᠤᠯᠴᠠᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ ᠡᠨᠧᠷᠭᠢ ᠶᠢᠨ ᠰᠤᠷᠪᠤᠯᠵᠢ᠂ ᠠᠵᠤ ᠦᠢᠯᠡᠳᠪᠦᠷᠢ᠂ ᠪᠠᠷᠢᠯᠭ᠎ᠠ᠂ ᠤᠯᠠᠨ ᠨᠡᠶᠢᠲᠡ ᠶᠢᠨ ᠪᠠᠶᠢᠭᠤᠯᠤᠮᠵᠢ᠂ ᠵᠠᠮ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠲᠣᠭᠲᠠᠴᠠ ᠪᠠᠶᠢᠭᠤᠯᠤᠯ ᠢ ᠦᠭᠡᠷᠡᠴᠢᠯᠡᠬᠦ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ᠬᠦᠭᠵᠢᠯᠲᠡ ᠶᠢ ᠠᠬᠢᠭᠤᠯᠬᠤ ᠠᠷᠭ᠎ᠠ ᠬᠡᠯᠪᠡᠷᠢ ᠨᠢ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠵᠤ᠂ ᠠᠭᠤᠯᠬᠤᠨ ᠤ ᠥᠷᠭᠡᠳᠬᠡᠯ ᠠᠴᠠ ᠠᠭᠤᠯᠤᠭᠳᠠᠬᠤᠨ ᠤ ᠳᠡᠭᠡᠭᠰᠢᠯᠡᠯᠲᠡ ᠲᠡᠶᠢᠰᠢ ᠬᠤᠪᠢᠷᠠᠭᠤᠯᠤᠨ᠎ᠠ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠬᠦᠴᠦᠨ ᠵᠦᠢᠯ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠵᠤ᠂ ᠡᠨᠧᠷᠭᠢ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠬᠢᠭᠡᠳ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠲᠥᠯᠥᠪᠯᠡᠭᠡ᠂ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠠᠷᠴᠠᠭ ᠪᠠ ᠠᠵᠤ  ᠦᠢᠯᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠶᠢ ᠣᠷᠭᠠᠨᠢᠭ ᠢᠶᠠᠷ ᠵᠣᠯᠭᠠᠭᠤᠯᠬᠤ ᠶᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃            ᠭᠤᠷᠪᠠ᠂ ᠭᠤᠣᠯ ᠬᠠᠷᠠᠯᠲᠠ      2025 ᠣᠨ ᠪᠣᠯᠬᠤ ᠳᠤ᠂ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠪᠦᠲᠦᠴᠡ ᠶᠢ ᠢᠯᠡᠳᠲᠡ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ ᠡᠨᠧᠷᠭᠢ ᠠᠷᠪᠢᠯᠠᠬᠤ ᠰᠢᠨ᠎ᠡ ᠶᠢ ᠡᠭᠦᠳᠬᠦ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠡᠨᠧᠷᠭᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠭᠡᠵᠦ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠣᠯᠠᠨ ᠨᠡᠶᠢᠲᠡ ᠶᠢᠨ ᠪᠠᠶᠢᠭᠤᠯᠤᠮᠵᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭ᠎ᠠ ᠶᠢᠨ ᠡᠨᠧᠷᠭᠢ ᠶᠢᠨ ᠬᠤᠷᠤᠭᠳᠠᠯ ᠢ ᠪᠦᠲᠦᠮᠵᠢᠲᠡᠶ ᠬᠢᠵᠠᠭᠠᠷᠯᠠᠵᠤ᠂ ᠪᠣᠬᠢᠷᠲᠤᠯ ᠥᠬᠡᠶ  ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠥᠬᠦ ᠲᠠᠯ᠎ᠠ ᠪᠠᠷ ᠳᠡᠯᠭᠡᠷᠡᠭᠦᠯᠦᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠷᠴᠢᠯ ᠬᠥᠭᠵᠢᠯᠲᠡ ᠲᠠᠢ ᠠᠵᠤ ᠠᠬᠤᠶ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠪᠥᠬᠦ ᠬᠤᠲᠠ ᠶᠢᠨ  ᠨᠢᠭᠡᠴᠡ GDP ᠶᠢᠨ ᠡᠨᠧᠷᠭᠢ ᠶᠢᠨ ᠬᠤᠷᠤᠭᠳᠠᠯ ᠢ 2020 ᠣᠨ ᠤ ᠬᠢ ᠠᠴᠠ 12% ᠢᠶᠠᠷ ᠪᠠᠭᠤᠷᠠᠭᠤᠯᠵᠤ᠂ 13.6% ᠪᠠᠷ ᠪᠠᠭᠤᠷᠠᠭᠤᠯᠬᠤ ᠤᠷᠮᠠᠰᠢᠭᠤᠯᠬᠤ ᠬᠠᠷᠠᠯᠲᠠ ᠳᠤ ᠬᠦᠷᠭᠡᠬᠦ ᠪᠠᠷ ᠴᠢᠷᠮᠠᠶᠢᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠬᠢᠵᠠᠭᠠᠷᠯᠠᠨ᠎ᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠤᠭᠳᠠᠯ  ᠢ 2020 ᠣᠨ ᠤ ᠬᠢ ᠠᠴᠠ 18% ᠪᠠᠷ ᠪᠠᠭᠤᠷᠠᠭᠤᠯᠤᠨ᠎ᠠ᠃            ᠳᠥᠷᠪᠡ᠂ ᠭᠤᠤᠯ ᠡᠭᠦᠷᠭᠡ        ︵ᠨᠢᠭᠡ︶ ᠠᠵᠤ ᠦᠢᠯᠡᠰ ᠤᠨ ᠪᠦᠲᠦᠴᠡ ᠶᠢ ᠭᠦᠨᠵᠡᠭᠡᠶ ᠲᠤᠬᠢᠷᠠᠭᠤᠯᠤᠨ᠎ᠠ      ᠭᠤᠤᠯ ᠡᠭᠦᠷᠭᠡ᠄ ︽ᠬᠤᠶᠠᠷ ᠶᠡᠬᠡᠲᠡᠢ︾ ᠲᠥᠷᠥᠯ ᠵᠦᠢᠯ ᠢ ᠰᠤᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠬᠤᠴᠣᠷᠤᠩᠭᠤᠶ ᠪᠤᠯᠤᠭᠰᠠᠨ ᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠶᠢ ᠲᠦᠷᠭᠡᠳᠭᠡᠵᠦ᠂ ︽ᠵᠢᠷᠭᠤᠭᠠᠨ ᠲᠤᠮᠤ ᠠᠵᠤ ᠦᠢᠯᠡᠰ︾ ᠤᠨ ᠪᠦᠭᠡᠮᠨᠡᠷᠡᠯ ᠢ ᠬᠦᠴᠦᠯᠡᠨ ᠪᠤᠶᠢᠵᠢᠭᠤᠯᠤᠨ᠎ᠠ᠃      ᠠᠵᠢᠯ ᠤᠨ ᠠᠷᠭ᠎ᠠ ᠬᠡᠮᠵᠢᠶ᠎ᠡ᠄      1. ︽ᠬᠤᠶᠠᠷ ᠶᠡᠬᠡᠲᠡᠢ︾ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠳᠠᠯᠠᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠡᠦᠷᠡᠰᠦ᠂ ᠴᠠᠬᠢᠷᠮ᠎ᠠ ᠶᠢᠨ ᠨᠡᠭᠦᠷᠡᠰᠦ᠂ ᠴᠠᠬᠢᠯᠠᠭᠤᠷ ᠴᠢᠯᠠᠭᠤ᠂ ᠪᠥᠭᠡᠭᠡᠨᠡᠷᠡᠯ ᠾᠤᠺᠰᠤᠨ᠂ ᠢᠳᠡᠮᠡᠬᠡᠶ ᠬᠤᠵᠢᠷ ︵ᠬᠠᠶᠠᠭᠳᠠᠮᠠᠯ ᠳᠠᠪᠤᠰᠤ ᠶᠢ ᠶᠡᠷᠦᠩᠬᠡᠶᠢᠯᠡᠨ ᠠᠰᠢᠭᠯᠠᠬᠤ ᠢᠶᠣᠨ ᠬᠠᠯᠢᠰᠤᠯᠢᠭ ᠢᠳᠡᠮᠡᠬᠡᠶ ᠱᠦᠯᠲᠦ ᠶᠢᠨ ᠲᠥᠬᠦᠭᠡᠷᠦᠮᠵᠢ ᠠᠴᠠ ᠭᠠᠳᠠᠨ᠎ᠠ︶᠂ ᠴᠡᠪᠡᠷ ᠬᠤᠵᠢᠷ ︵︽ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ ︵2020 ᠣᠨ ᠤ ᠳᠡᠪᠲᠡᠷ︶ ︾ ᠲᠠᠬᠢ ᠥᠪᠥᠷ ᠮᠣᠩᠭᠤᠯ ᠤᠨ ᠵᠣᠷᠢᠭᠵᠢᠭᠤᠯᠬᠤ ᠲᠥᠷᠥᠯ ᠵᠦᠢᠯ ᠪᠠᠭᠲᠠᠬᠤ ᠥᠭᠡᠢ︶᠂ ᠨᠡᠶᠢᠯᠡᠯᠭᠡ ᠰᠢᠪᠲᠦᠷ ︵ᠦᠨᠡᠨᠬᠦ ᠪᠥᠳᠥᠭᠡᠨ ᠪᠠᠶᠢᠭᠤᠯᠬᠤ ᠴᠢᠬᠤᠯᠠ ᠲᠠᠢ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠵᠤ ᠨᠡᠶᠢᠯᠡᠯᠭᠡ ᠰᠢᠪᠲᠦᠷ ᠦᠢᠯᠡᠳᠬᠦ᠂ ᠲᠡᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠴᠦ ᠨᠡᠶᠢᠯᠡᠯᠭᠡ ᠰᠢᠪᠲᠦᠷ ᠦᠢᠯᠡᠳᠬᠦ ᠠᠴᠠ ᠭᠠᠳᠠᠨ᠎ᠠ︶᠂ ᠰᠢᠭᠡᠰᠦᠯᠢᠭ ᠡᠳ᠋᠂ ᠮᠤᠲ᠋ᠠᠨᠤᠯ ︵ᠦᠨᠡᠨᠬᠦ ᠪᠥᠳᠥᠭᠡᠨ ᠪᠠᠶᠢᠭᠤᠯᠬᠤ ᠴᠢᠬᠤᠯᠠ ᠲᠠᠢ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠵᠤ ᠮᠤᠲ᠋ᠠᠨᠤᠯ ᠦᠢᠯᠡᠳᠬᠦ᠂ ᠲᠡᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠴᠦ ᠮᠤᠲ᠋ᠠᠨᠤᠯ ᠦᠢᠯᠡᠳᠬᠦ ᠠᠴᠠ ᠭᠠᠳᠠᠨ᠎ᠠ︶᠂ ᠡᠲ᠋ᠡ ᠬᠤᠶᠠᠷᠴᠢ ᠠᠯᠺᠤᠤᠯ᠂ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠲᠡᠮᠥᠷ ᠤᠨ ᠬᠠᠶᠢᠯᠤᠰᠢ᠂ ᠪᠢᠨᠳᠠᠷᠢᠶ᠎ᠠ ᠵᠡᠷᠭᠡ ᠰᠢᠨ᠎ᠡ ᠪᠠᠷ ᠨᠡᠮᠡᠭᠳᠡᠭᠦᠯᠦᠭᠰᠡᠨ ᠦᠢᠯᠡᠳᠪᠦᠷᠢᠯᠡᠬᠦ ᠴᠢᠳᠠᠪᠤᠷᠢ ᠶᠢᠨ ᠲᠥᠷᠥᠯ ᠵᠦᠢᠯ ᠢ ᠳᠠᠬᠢᠨ ᠬᠢᠨᠠᠨ ᠵᠦᠪᠰᠢᠶᠡᠷᠡᠬᠦ ᠦᠭᠡᠢ᠂ ᠤᠯᠤᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠳᠤ ᠣᠷᠣᠭᠤᠯᠤᠭᠰᠠᠨ ᠪᠠ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠭᠠᠷᠭᠠᠪᠠᠯ᠂ ᠵᠠᠷᠴᠢᠮ ᠳᠡᠭᠡᠷ᠎ᠡ ᠪᠠᠨ ᠰᠢᠨ᠎ᠡ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠳᠠᠭᠢᠵᠤ ᠬᠢᠨᠠᠨ ᠵᠥᠪᠰᠢᠶᠡᠷᠡᠬᠦ ᠥᠬᠡᠶ᠂ ᠬᠡᠶᠢᠰᠪᠦᠷᠢ ᠵᠣᠭᠤᠰ ᠮᠠᠯᠲᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ︵2︶ ᠤᠯᠤᠰ ᠠᠴᠠ ᠲᠣᠳᠣᠷᠬᠠᠶ ᠲᠣᠭᠲᠠᠭᠠᠭᠰᠠᠨ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠱᠦᠢᠨᠢ ᠶᠢᠨ ᠪᠤᠯᠭᠤᠭᠰᠠᠨ ᠮᠠᠲ᠋ᠧᠷᠢᠶᠠᠯ᠂ ᠬᠠᠪᠲᠠᠭᠠᠶ ᠰᠢᠯ ᠵᠡᠷᠭᠡ ᠦᠢᠯᠡᠳᠪᠦᠷᠢᠯᠡᠬᠦ ᠴᠢᠳᠠᠪᠤᠷᠢ ᠦᠯᠡᠭᠦᠳᠡᠭᠰᠡᠨ ᠠᠵᠢᠯ ᠲᠥᠷᠥᠯ ᠳᠤ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠥᠬᠡᠶ᠃ ︵3︶ ᠬᠡᠤᠷᠡᠰᠤ ︵ᠴᠠᠬᠢᠷᠮ᠎ᠠ ᠶᠢᠨ ᠨᠡᠭᠦᠷᠡᠰᠦ︶᠂ ᠪᠥᠭᠡᠭᠡᠨᠡᠷᠡᠯ ᠾᠤᠺᠰᠤᠨ ︵PVC︶᠂ ᠨᠡᠶᠢᠯᠡᠯᠭᠡ ᠰᠢᠪᠲᠦᠷ ︵ᠰᠢᠭᠡᠰᠦᠯᠢᠭ ᠡᠳ᠋︶᠂ ᠢᠳᠡᠮᠡᠬᠡᠶ ᠱᠦᠯᠲᠦ᠂ ᠴᠡᠪᠡᠷ ᠱᠦᠯᠲᠦ᠂ ᠮᠤᠲ᠋ᠠᠨᠤᠯ᠂ ᠡᠲ᠋ᠡ ᠬᠤᠶᠠᠷᠴᠢ ᠠᠯᠺᠤᠤᠯ᠂ ᠪᠢᠨᠳᠠᠷᠢᠶ᠎ᠠ ᠴᠢᠯᠠᠭᠤ᠂ ᠲᠤᠤᠷᠠᠳᠤ ᠤᠷᠤᠰᠬᠠᠯ ᠳᠤ ᠤᠯᠠᠷᠢᠭᠤᠯᠵᠤ ᠪᠤᠯᠠᠬᠤ ᠥᠭᠡᠢ ᠲᠠᠩ ᠤᠯᠠᠨ ᠲᠠᠯᠠᠰᠲᠤ ᠴᠠᠬᠢᠭᠤᠷ ᠦᠢᠯᠡᠳᠪᠦᠷᠢᠯᠡᠬᠦ ᠴᠢᠳᠠᠪᠤᠷᠢ ᠪᠣᠯᠤᠨ ᠡᠨᠧᠷᠭᠢ ᠶᠢᠨ ᠬᠤᠷᠤᠭᠳᠠᠯ ᠢ ᠰᠣᠯᠢᠬᠤ ᠳᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠲᠣᠭᠲᠠᠭᠠᠯ ᠢ ᠬᠡᠷᠡᠭᠵᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      2. ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ ᠵᠦᠢᠯ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠰᠢᠭᠯᠠᠯᠲᠠ ᠳᠤ ᠣᠷᠣᠭᠤᠯᠤᠨ ᠦᠢᠯᠡᠳᠪᠦᠷᠢᠯᠡᠯ ᠢᠶᠠᠨ ᠪᠡᠶᠡᠯᠡᠭᠦᠯᠬᠦ ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ ᠵᠦᠢᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠤᠭᠳᠠᠯ  ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠳᠤ ᠣᠷᠣᠭᠤᠯᠤᠨ᠎ᠠ᠃ ︵2︶ ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ ᠵᠦᠢᠯ ᠢ ᠰᠤᠬᠤᠷ ᠪᠠᠯᠠᠷ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠲᠤᠰᠬᠠᠶ ᠪᠠᠶᠢᠴᠠᠭᠠᠯᠲᠠ ᠶᠢ ᠲᠤᠭᠲᠠᠭᠰᠠᠨ ᠬᠤᠭᠤᠴᠠᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠤᠭᠰᠠᠨ᠂ ᠪᠠᠶᠢᠭᠤᠯᠬᠤ ᠵᠥᠪᠰᠢᠶᠡᠷᠡᠬᠦ ᠨᠢ ᠨᠡᠶᠢᠴᠡᠬᠦ ᠥᠬᠡᠶ᠂ ᠴᠣᠬᠤᠯᠠᠪᠤᠷᠢ ᠠᠴᠠ ᠳᠠᠪᠠᠭᠤᠯᠤᠨ ᠡᠨᠧᠷᠭᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ︽ᠬᠤᠶᠠᠷ ᠶᠡᠬᠡᠲᠡᠢ︾ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵  ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ︶      3. ᠬᠤᠴᠣᠷᠤᠩᠭᠤᠶ ᠪᠤᠯᠤᠭᠰᠠᠨ ᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠶᠢ ᠲᠦᠷᠭᠡᠳᠬᠡᠨ᠎ᠡ᠃ ︵1︶ ︽ᠬᠥᠬᠡᠬᠤᠲᠠ ᠶᠢᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠶᠢ ᠬᠡᠷᠡᠭᠵᠢᠭᠦᠯᠬᠦ ᠲᠥᠰᠦᠯ︾ ᠢ ᠴᠢᠩᠭ᠎ᠠ ᠬᠡᠷᠡᠭᠵᠢᠭᠦᠯᠵᠦ᠂ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠡᠰᠦ᠂ ᠱᠦᠢᠨᠢ ᠵᠡᠷᠭᠡ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠤᠭᠲᠠᠭᠰᠠᠨ ᠬᠤᠭᠤᠴᠠᠭᠠᠨ ᠳᠤ ᠤᠬᠤᠷᠢᠨ ᠭᠠᠷᠭᠠᠨ᠎ᠠ᠃ ︵2︶ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂  ᠰᠢᠭᠰᠢᠬᠦ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠥᠬᠡᠶ ᠭᠠᠵᠠᠷ ᠣᠷᠣᠨ ᠳᠤ ᠡᠨᠧᠷᠭᠢ ᠶᠢᠨ ᠬᠤᠷᠤᠭᠳᠠᠯ ᠢ ᠵᠥᠪᠰᠢᠶᠡᠷᠡᠬᠦ ᠶᠢ ᠬᠢᠵᠠᠭᠠᠷᠯᠠᠵᠤ᠂ ᠰᠢᠭᠰᠢᠬᠦ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠥᠬᠡᠶ ᠠᠵᠤ ᠠᠬᠤᠶᠢᠯᠠᠯ ᠳᠤ ᠵᠠᠯᠬᠠᠭᠠᠬᠤ ᠴᠢᠨᠠᠷᠲᠠᠶ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵3︶ ᠬᠤᠴᠣᠷᠤᠩᠭᠤᠶ ᠶᠢ ᠰᠢᠭᠰᠢᠬᠦ ᠪᠠ ᠥᠨᠳᠥᠷ ᠦᠷ᠎ᠡ ᠪᠦᠲᠦᠮᠵᠢᠲᠡᠶ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠤᠯᠤᠰ ᠠᠴᠠ ᠲᠣᠳᠣᠷᠬᠠᠶ ᠵᠠᠷᠯᠢᠭᠳᠠᠨ ᠰᠢᠭᠰᠢᠬᠦ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ᠂ ᠬᠤᠴᠣᠷᠤᠩᠭᠤᠶ ᠦᠢᠯᠡᠳᠪᠦᠷᠢᠯᠡᠬᠦ ᠤᠷᠠᠯᠠᠯ ᠪᠠ ᠬᠤᠴᠣᠷᠤᠩᠭᠤᠶ ᠦᠢᠯᠡᠳᠪᠦᠷᠢᠯᠡᠬᠦ ᠲᠤᠨᠤᠭ ᠲᠥᠬᠦᠭᠡᠷᠦᠮᠵᠢ ᠶᠢ ᠤᠬᠤᠷᠢᠨ ᠭᠠᠷᠭᠠᠵᠤ᠂ ᠥᠨᠳᠥᠷ ᠦᠷ᠎ᠡ ᠪᠦᠲᠦᠮᠵᠢᠲᠡᠶ ᠨᠡᠭᠦᠷᠡᠰᠦᠨ ᠨᠤᠨᠲᠠᠭ ᠤᠨ ᠭᠦᠸᠧᠯᠦ᠂ ᠰᠢᠨ᠎ᠡ ᠬᠡᠯᠪᠡᠷᠢ ᠶᠢᠨ ᠤᠰᠤ ᠨᠡᠭᠦᠷᠡᠰᠦᠨ ᠡᠭᠡᠳᠡᠩ ᠤᠨ ᠭᠦᠸᠧᠯᠦ᠂ ᠨᠡᠷᠡᠨ ᠡᠨᠧᠷᠭᠢ ᠶᠢᠨ ᠢᠯᠴᠢ ᠬᠤᠷᠠᠮᠳᠤᠭᠤᠯᠬᠤ ᠰᠢᠰᠲ᠋ᠧᠮ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨᠲᠤ ᠢᠵᠢᠯ ᠠᠯᠬᠤᠮ ᠤᠨ ᠴᠠᠬᠢᠯᠭᠠᠨ ᠮᠠᠰᠢᠨ᠂ ᠳᠠᠪᠲᠠᠮᠵᠢ ᠬᠤᠪᠢᠷᠠᠭᠠᠨ ᠬᠤᠷᠳᠤᠴᠠ ᠲᠣᠬᠢᠷᠠᠭᠤᠯᠬᠤ᠂ ᠥᠨᠳᠥᠷ ᠦᠷ᠎ᠡ ᠪᠦᠲᠦᠮᠵᠢᠲᠡᠶ ᠢᠯᠴᠢ ᠰᠣᠯᠢᠯᠴᠠᠭᠤᠷ ᠵᠡᠷᠭᠡ ᠡᠨᠧᠷᠭᠢ ᠠᠷᠪᠢᠯᠠᠬᠤ ᠮᠠᠶ᠋ᠢᠭ ᠤᠨ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠳᠡᠯᠭᠡᠷᠡᠭᠦᠯᠦᠨ᠎ᠡ᠃ 2023 ᠣᠨ ᠤ ᠡᠴᠦᠰ ᠪᠣᠯᠬᠤ ᠳᠤ ᠂ ᠰᠢᠭᠰᠢᠬᠦ ᠡᠩᠨᠡᠭᠡᠨ ᠳᠤ ᠣᠷᠣᠭᠤᠯᠤᠭᠰᠠᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠦᠨᠳᠦᠰᠦᠨ ᠳᠡᠭᠡᠨ ᠤᠬᠤᠷᠢᠨ ᠭᠠᠷᠭᠠᠬᠤ ᠪᠠᠷ ᠴᠢᠷᠮᠠᠶᠢᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶         ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠬᠡᠪᠴᠢᠶ᠎ᠡ ᠪᠠ ᠪᠠᠷᠢᠮᠵᠢᠶ᠎ᠠ      ᠪᠣᠯᠣᠳ ᠲᠡᠮᠦᠷ᠄ ᠠᠰᠢᠭᠲᠤ ᠪᠠᠭᠲᠠᠭᠠᠮᠵᠢ ᠨᠢ 1200 ᠺᠦᠪ ᠮᠧᠲᠷ ᠬᠦᠷᠬᠦ ᠦᠭᠡᠢ ᠪᠣᠯᠣᠳ ᠪᠣᠯᠪᠠᠰᠤᠷᠠᠭᠤᠯᠬᠤ ᠳᠤ ᠬᠡᠷᠡᠭᠯᠡᠬᠦ ᠰᠢᠷᠡᠮᠦ ᠶᠢᠨ ᠥᠨᠳᠥᠷ ᠵᠤᠤᠬ᠎ᠠ᠂ ᠪᠠᠭᠲᠠᠭᠠᠮᠵᠢ ᠨᠢ 100 ᠲᠣᠨ ᠠᠴᠠ ᠬᠦᠷᠬᠦ ᠦᠭᠡᠢ ᠪᠣᠯᠣᠳ ᠪᠣᠯᠪᠠᠰᠤᠷᠠᠭᠤᠯᠬᠤ ᠡᠷᠭᠢᠯᠳᠦᠭᠡ ᠵᠤᠤᠬ᠎ᠠ᠂ 100 ᠲᠣᠨ ︵ᠬᠠᠶᠢᠯᠤᠰᠢᠨ ᠪᠣᠯᠣᠳ 50 ᠲᠣᠨ︶ ᠬᠦᠷᠬᠦ ᠦᠭᠡᠢ ᠴᠠᠬᠢᠯᠭᠠᠨ ᠨᠣᠮᠣᠨ ᠵᠤᠤᠬ᠎ᠠ ᠶᠢ ᠵᠠᠷᠴᠢᠮ ᠳᠡᠭᠡᠷ᠎ᠡ ᠪᠠᠨ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ᠃      ᠲᠡᠮᠦᠷ ᠤᠨ ᠬᠠᠶᠢᠯᠤᠰᠢ᠄ 2.5 ᠲᠦᠮᠡᠨ ᠺᠢᠯᠣᠸᠠᠲ ᠠᠮᠫᠧᠷ ᠵᠢᠴᠢ ᠲᠡᠭᠦᠨ ᠠᠴᠠ ᠳᠣᠷᠣᠭᠰᠢᠬᠢ ᠠᠭᠤᠷᠬᠠᠶ ᠶᠢᠨ ᠢᠯᠴᠢ ᠶᠢᠨ ᠵᠤᠤᠬ᠎ᠠ ︵ᠣᠨᠴᠠ ᠲᠦᠷᠦᠯ ᠤᠨ ᠲᠡᠮᠦᠷ ᠤᠨ ᠬᠠᠶᠢᠯᠤᠰᠢ ᠠᠴᠠ ᠭᠠᠳᠠᠨ᠎ᠠ᠂ ᠪᠣᠳᠠᠲᠠᠶ ᠣᠨᠴᠠ ᠲᠦᠷᠦᠯ ᠤᠨ ᠲᠡᠮᠦᠷ ᠤᠨ ᠬᠠᠶᠢᠯᠤᠰᠢ ᠶᠢᠨ ᠲᠥᠷᠥᠯ  ᠵᠦᠢᠯ ᠢ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠳᠤ ᠮᠡᠳᠡᠭᠦᠯᠵᠦ ᠮᠠᠭᠠᠳᠯᠠᠨ ᠲᠣᠭᠲᠠᠭᠠᠯᠭᠠᠨ᠎ᠠ︶᠂ ᠵᠠᠷᠴᠢᠮ ᠳᠡᠭᠡᠷ᠎ᠡ ᠪᠠᠨ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ︔ ᠨᠦᠬᠦᠴᠡᠯ ᠳᠤ ᠨᠡᠶᠢᠴᠡᠭᠰᠡᠨ ᠪᠠᠶᠢᠪᠠᠯ 1.25᠄ 1 ᠪᠠᠷ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠨ ᠰᠤᠯᠢᠵᠤ ᠪᠣᠯᠤᠨ᠎ᠠ᠃      ᠴᠠᠬᠢᠯᠠᠭᠤᠷ ᠴᠢᠯᠠᠭᠤ᠄ 3 ᠲᠦᠮᠡᠨ ᠺᠢᠯᠣᠸᠠᠲ ᠠᠮᠫᠧᠷ ᠠᠴᠠ ᠳᠣᠷᠣᠭᠰᠢᠬᠢ ᠠᠭᠤᠷᠬᠠᠶ ᠶᠢᠨ ᠢᠯᠴᠢ ᠶᠢᠨ ᠵᠤᠤᠬ᠎ᠠ ᠶᠢ ᠵᠠᠷᠴᠢᠮ ᠳᠡᠭᠡᠷ᠎ᠡ ᠪᠠᠨ 2022 ᠣᠨ ᠤ ᠵᠢᠯ ᠤᠨ ᠡᠴᠦᠰ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ︔ ᠨᠥᠬᠦᠴᠡᠯ ᠳᠤ ᠨᠡᠶᠢᠴᠡᠭᠰᠡᠨ ᠪᠠᠶᠢᠪᠠᠯ 1.25᠄ 1 ᠪᠠᠷ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠨ ᠰᠤᠯᠢᠵᠤ ᠪᠣᠯᠤᠨ᠎ᠠ᠃      ᠬᠡᠦᠷᠡᠰᠦ᠄ ᠨᠡᠭᠦᠷᠡᠰᠦᠵᠢᠭᠦᠯᠬᠦ ᠲᠠᠰᠤᠭ ᠤᠨ ᠥᠨᠳᠥᠷ ᠨᠢ 6.0 ᠮᠧᠲᠷ ᠠᠴᠠ ᠪᠠᠭ᠎ᠠ ᠣᠷᠣᠶ ᠠᠴᠠ ᠰᠠᠪᠠᠯᠠᠬᠤ ᠵᠤᠤᠬ᠎ᠠ᠂ ᠨᠡᠭᠦᠷᠡᠰᠦᠵᠢᠭᠦᠯᠬᠦ ᠲᠠᠰᠤᠭ ᠤᠨ ᠥᠨᠳᠥᠷ ᠨᠢ 5.5 ᠮᠧᠲᠷ ᠠᠴᠠ ᠪᠠᠭ᠎ᠠ ᠬᠡᠦᠷᠡᠰᠦ ᠲᠣᠭᠲᠠᠪᠤᠷᠢᠵᠢᠭᠤᠯᠬᠤ ᠵᠤᠤᠬ᠎ᠠ᠂ ᠵᠢᠯ ᠳᠤ 100 ᠲᠦᠮᠡᠨ ᠲᠣᠨ ᠠᠴᠠ ᠳᠣᠷᠣᠭᠰᠢᠬᠢ ᠬᠡᠦᠷᠰᠢᠭᠦᠯᠬᠦ ᠲᠦᠷᠦᠯ ᠵᠦᠢᠯ ᠢ ᠵᠠᠷᠴᠢᠮ ᠳᠡᠭᠡᠷ᠎ᠡ ᠪᠠᠨ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ︔ ᠨᠥᠬᠦᠴᠡᠯ ᠳᠤ ᠨᠡᠶᠢᠴᠡᠭᠰᠡᠨ ᠪᠠᠶᠢᠪᠠᠯ ᠤᠯᠤᠰ ᠤᠨ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠴᠢᠳᠠᠪᠤᠷᠢ ᠪᠠᠨ ᠰᠤᠯᠢᠵᠤ ᠪᠣᠯᠤᠨ᠎ᠠ᠃        ᠬᠡᠶᠢᠰᠪᠦᠷᠢ ᠵᠣᠭᠤᠰ ᠤᠨ ᠠᠭᠤᠷᠬᠠᠶ ᠮᠠᠯᠲᠠᠬᠤ᠄ ᠬᠡᠶᠢᠰᠪᠦᠷᠢ ᠵᠣᠭᠤᠰ ᠤᠨ ᠠᠭᠤᠷᠬᠠᠶ ᠮᠠᠯᠲᠠᠬᠤ ᠲᠥᠷᠥᠯ ᠵᠦᠢᠯ ᠢ ᠪᠥᠬᠦ ᠲᠠᠯ᠎ᠠ ᠪᠠᠷ ᠢᠯᠭᠠᠷᠠᠭᠤᠯᠤᠨ ᠬᠠᠭᠠᠵᠤ ᠵᠣᠭᠰᠣᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠶᠢᠩᠭᠤᠵᠢᠭᠤᠯᠤᠭᠰᠠᠨ ᠬᠢᠨᠠᠨ ᠬᠡᠮᠵᠢᠯᠲᠡ ᠶᠢ ᠴᠢᠩᠭᠠᠳᠬᠠᠨ᠎ᠠ᠃      4. ︽ᠵᠢᠷᠭᠤᠭᠠᠨ ᠲᠤᠮᠤ ᠠᠵᠤ ᠦᠢᠯᠡᠰ︾ ᠤᠨ ᠪᠦᠭᠡᠮᠨᠡᠷᠡᠯ ᠢ ᠬᠦᠴᠦᠯᠡᠨ ᠪᠤᠶᠢᠵᠢᠭᠤᠯᠤᠨ᠎ᠠ᠃ ︵1︶ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠤᠯᠤᠭᠠᠶᠢᠯᠠᠭᠤᠯᠤᠭᠰᠠᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠦᠭᠡᠮᠨᠡᠷᠡᠯ ᠳᠤ᠂ ︽ᠨᠢᠭᠡ  ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠶᠢᠨ ᠲᠣᠭᠤᠷᠢᠨ ᠳᠤ᠂ ︽ᠰᠤᠳᠤᠯᠤᠨ ᠨᠡᠭᠡᠭᠡᠬᠦ— ᠦᠢᠯᠡᠳᠪᠦᠷᠢᠯᠡᠯ— ᠵᠠᠬ᠎ᠠ ᠳᠡᠯᠭᠡᠭᠦᠷ︾ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠪᠣᠬᠢᠷᠲᠤᠯ ᠦᠭᠡᠢ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠠᠶᠢᠴᠢᠯᠠᠨ ᠳᠠᠭᠠᠭᠤᠯᠵᠤ᠂ ︽ᠳᠡᠯᠡᠬᠡᠢ ᠶᠢᠨ ᠰᠦ ᠶᠢᠨ ᠬᠤᠳᠠ︾ ᠶᠢ ᠪᠦᠬᠦ ᠬᠦᠴᠦᠨ ᠢᠶᠠᠷ ᠢᠶᠠᠨ ᠪᠦᠳᠦᠬᠡᠨ ᠪᠠᠶᠢᠭᠤᠯᠤᠨ᠎ᠠ᠃ ︵2︶ ᠪᠣᠬᠢᠷᠲᠤᠯ ᠥᠬᠡᠶ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠷᠢᠮᠲᠠᠯᠠᠨ᠂ ᠨᠡᠭᠦᠷᠡᠰᠦ ᠴᠠᠬᠢᠯᠭᠠᠨ ᠢ ᠴᠡᠪᠡᠷᠰᠢᠭᠦᠯᠬᠦ᠂ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠡᠬᠢ ᠰᠤᠷᠪᠤᠯᠵᠢ ᠲᠣᠤᠷ ᠰᠦᠯᠵᠢᠶ᠎ᠡ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ ᠪᠠ ᠰᠠᠯᠬᠢᠨ ᠤ ᠡᠨᠧᠷᠭᠢ ᠨᠠᠷᠠᠨ ᠤ ᠡᠨᠧᠷᠭᠢ ᠤᠰᠤᠲᠥ᠋ᠷᠥᠭᠴᠢ ᠨᠥᠭᠡᠴᠡᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠶᠢ ᠰᠢᠯᠢᠳᠡᠭᠵᠢᠭᠦᠯᠦᠨ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠣᠯᠠᠨ ᠡᠰᠢᠲᠦ ᠰᠢᠨ᠎ᠡ ᠬᠡᠯᠪᠡᠷᠢ ᠶᠢᠨ ᠡᠨᠧᠷᠭᠢ ᠶᠢᠨ ᠪᠦᠲᠦᠴᠡ ᠶᠢ ᠪᠠᠶᠢᠭᠤᠯᠤᠨ᠎ᠠ᠃ ︵3︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠤᠨ᠂ ︽ᠡᠨᠧᠷᠭᠢ ᠪᠠ ᠬᠢᠮᠢ ᠶᠢ ᠨᠢᠭᠡ ᠴᠤᠭᠴᠠᠵᠢᠭᠤᠯᠬᠤ︾ ᠰᠡᠳᠬᠢᠴᠡ ᠶᠣᠰᠣᠭᠠᠷ᠂ ᠨᠡᠭᠦᠷᠡᠰᠦ ᠶᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠪᠣᠯᠭᠠᠨ ᠶᠡᠷᠦᠩᠬᠡᠶᠢᠯᠡᠨ ᠠᠰᠢᠭᠯᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠢ ᠢᠳᠡᠪᠬᠢᠲᠡᠶ ᠬᠥᠭᠵᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠳᠡᠰ ᠤᠨ᠂ ᠤᠯᠠᠨ ᠡᠰᠢᠴᠢᠯᠡᠭᠰᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ ︵4︶ ᠡᠯᠧᠺᠲᠷᠣᠨ ᠲᠠᠰ ᠤᠨ ᠴᠠᠬᠢᠭᠤᠷ ᠤᠨ ᠮᠠᠲ᠋ᠧᠷᠢᠶᠠᠯ᠂ ᠣᠶᠤᠨᠴᠢ ᠮᠡᠷᠭᠡᠵᠢᠯ ᠢᠶᠠᠷ ᠬᠥᠲᠥᠯᠦᠨ ᠳᠠᠭᠠᠭᠤᠯᠤᠭᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠡᠯᠧᠺᠲᠷᠣᠨ ᠲᠠᠰ ᠤᠨ ᠴᠠᠬᠢᠭᠤᠷ ᠤᠨ ᠲᠠᠩ ᠲᠠᠯᠠᠰᠲᠤ᠂ ᠨᠡᠭᠦᠷᠡᠰᠦᠲᠥ᠋ᠷᠥᠭᠴᠢᠲᠦ ᠴᠠᠬᠢᠭᠤᠷ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ ᠹᠦᠯᠤᠷ ᠠᠯᠺᠤᠨ᠂ ᠰᠢᠨ᠎ᠡ ᠡᠨᠧᠷᠭᠢ ᠶᠢᠨ ᠬᠥᠳᠡᠯᠭᠡᠭᠴᠢ ᠬᠦᠴᠦᠨ ᠤ ᠳ᠋ᠢᠶᠠᠨ ‍ᠤᠤᠢ ᠶᠢᠨ ᠰᠢᠨ᠎ᠡ ᠮᠠᠲ᠋ᠧᠷᠢᠶᠠᠯ᠂ ᠹᠠᠯᠦ᠋ᠨ ᠰᠢᠷᠬᠡᠭᠯᠢᠭ ᠤᠨ ᠣᠷᠭᠠᠨᠢᠭ ᠰᠢᠨ᠎ᠡ ᠮᠠᠲ᠋ᠧᠷᠢᠶᠠᠯ᠂ ᠸᠠᠭᠠᠷ ᠱᠠᠭᠠᠵᠠᠩ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ  ᠦᠢᠯᠡᠳᠬᠦ᠂ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ︵5︶ ᠠᠮᠢᠳᠤ ᠪᠣᠳᠠᠰ ᠤᠨ ᠸᠠᠺᠼᠢᠨ ᠢᠶᠠᠷ ᠭᠤᠣᠯᠳᠠᠯᠭ᠎ᠠ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ  ᠪᠦᠭᠡᠮᠨᠡᠷᠡᠯ ᠢ ᠪᠤᠶᠢᠵᠢᠭᠤᠯᠵᠤ᠂ ᠠᠮᠢᠳᠤ ᠪᠣᠳᠠᠰ ᠤᠨ ᠸᠠᠺᠼᠢᠨ ᠤ ᠳᠡᠭᠡᠭᠰᠢᠯᠡᠭᠦᠯᠦᠨ ᠵᠡᠷᠭᠡ ᠲᠠᠰ ᠳᠡᠪᠰᠢᠭᠦᠯᠬᠦ᠂ ᠲᠦᠭᠦᠬᠡᠶ ᠮᠠᠲ᠋ᠧᠷᠢᠶᠠᠯ ᠤᠨ ᠡᠮ ᠤᠨ ᠠᠵᠤ ᠠᠬᠤᠶᠢᠯᠠᠯ ᠢ ᠪᠡᠯᠡᠨ ᠡᠮ ᠪᠠ  ᠨᠠᠶᠢᠷᠠᠯᠭ᠎ᠠ ᠳᠠᠰᠢ ᠤᠷᠲᠤᠳᠬᠠᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠨ᠎ᠡ᠃ ︵6︶ ᠲᠤᠮᠤ ᠳ᠋ᠠᠶᠢᠲ᠋ᠠ᠂ ᠡᠭᠦᠯᠡᠨ ᠪᠤᠳᠤᠯᠳᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠰᠢᠨ᠎ᠡ ᠪᠠᠷ ᠬᠥᠭᠵᠢᠭᠰᠡᠨ ᠲᠤᠭᠠᠴᠢᠯᠠᠭᠰᠠᠨ ᠮᠡᠷᠭᠡᠵᠢᠯ ᠤᠨ ᠠᠵᠤ ᠦᠢᠯᠡᠰ ᠢ ᠲᠦᠷᠭᠡᠪᠴᠢᠯᠡᠨ ᠪᠠᠶᠢᠷᠢᠯᠠᠭᠤᠯᠵᠤ᠂ ᠲᠤᠭᠠᠴᠢᠯᠠᠭᠰᠠᠨ ᠠᠵᠤ ᠠᠬᠤᠶ ᠪᠠ ᠦᠢᠯᠡᠳᠬᠦ ᠦᠢᠯᠡᠰ ᠤᠨ ᠭᠦᠨᠵᠡᠭᠡᠶ ᠠᠭᠤᠰᠤᠯᠴᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠡᠯᠧᠺᠲᠷᠣᠨ ᠮᠡᠳᠡᠭᠡ ᠵᠠᠩᠭᠢ ᠶᠢᠨ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢ ᠪᠦᠳᠦᠭᠡᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ︵ᠬᠤᠶᠠᠷ︶ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ      ᠭᠤᠤᠯᠳᠠᠯᠭ᠎ᠠ ᠲᠠᠢ ᠡᠭᠦᠷᠭᠡ᠄ ︽ᠦᠢᠯᠡᠳᠪᠦᠷᠢᠯᠡᠯ᠂ ᠠᠮᠢᠳᠤᠷᠠᠯ︾ ᠤᠨ ᠡᠨᠧᠷᠭᠢ ᠬᠡᠷᠡᠭᠯᠡᠬᠦ ᠬᠤᠶᠠᠷ ᠶᠡᠭᠡ ᠭᠤᠤᠯ ᠰᠡᠳᠦᠪ ᠢ ᠨᠢᠭᠡᠳᠦᠯᠲᠡᠶ ᠲᠥᠯᠥᠪᠯᠡᠵᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠢᠯᠴᠢ ᠬᠠᠩᠭᠠᠬᠤ᠂ ᠪᠠᠷᠢᠯᠭ᠎ᠠ᠂ ᠵᠠᠮ ᠲᠡᠭᠡᠭᠡᠪᠦᠷᠢ᠂ ᠤᠯᠠᠨ ᠨᠡᠶᠢᠲᠡ ᠶᠢᠨ ᠪᠠᠶᠢᠭᠤᠯᠤᠮᠵᠢ᠂ ᠲᠤᠭ᠎ᠠ ᠪᠠᠷᠢᠮᠲᠠ ᠶᠢᠨ ᠲᠥᠪ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠦᠨᠳᠦᠰᠦᠨ ᠦᠢᠯᠡᠳᠦᠯ ᠢ ᠲᠤᠪᠤᠶᠢᠯᠭᠠᠨ᠎ᠠ᠃      ᠠᠵᠢᠯ ᠤᠨ ᠠᠷᠭ᠎ᠠ ᠬᠡᠮᠵᠢᠶ᠎ᠡ᠄      5. ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠤᠨ᠎ᠠ᠃ ︵1︶ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ︾ ᠶᠢ ᠨᠠᠶᠢᠷᠠᠭᠤᠯᠤᠨ ᠵᠤᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠬᠡᠬᠤᠲᠠ ᠶᠢᠨ ᠭᠤᠣᠯᠳᠠᠯᠭ᠎ᠠ ᠲᠠᠢ ᠡᠨᠧᠷᠭᠢ ᠬᠤᠷᠣᠭᠳᠠᠭᠤᠯᠬᠤ ᠠᠵᠢᠯ ᠲᠥᠷᠥᠯ ᠤᠨ ᠡᠨᠧᠷᠭᠢ ᠠᠷᠪᠢᠯᠠᠬᠤ ᠭᠤᠣᠯ ᠭᠦᠢᠴᠡᠳᠬᠡᠬᠦ ᠲᠤᠭ᠎ᠠ ᠶᠢ ᠲᠣᠭᠲᠠᠭᠠᠵᠤ᠂ ᠠᠵᠤ ᠦᠢᠯᠡᠳᠪᠦᠷᠢ ᠶᠢᠨ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠳᠠᠰᠤᠷᠠᠯᠳᠠ ᠥᠭᠡᠢ ᠳᠡᠭᠡᠭᠰᠢᠯᠡᠭᠦᠯᠦᠨ᠎ᠡ᠃ ︵2︶ ︽ᠬᠥᠬᠡᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠬᠡᠦᠷᠰᠢᠭᠦᠯᠬᠦ᠂ ᠪᠣᠯᠣᠳ ᠲᠡᠮᠦᠷ᠂ ᠴᠠᠬᠢᠯᠠᠭᠤᠷ ᠴᠢᠯᠠᠭᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠡᠨᠧᠷᠭᠢ ᠶᠡᠭᠡ ᠬᠤᠷᠣᠭᠳᠠᠭᠤᠯᠬᠤ ᠠᠵᠤ ᠠᠬᠤᠶᠢᠯᠠᠯ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ ᠤ ᠳᠠᠷᠠᠭᠠᠬᠢ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠤᠯᠤᠰ ᠤᠨ ᠬᠢᠵᠠᠭᠠᠷᠯᠠᠭᠰᠠᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠪᠤᠶᠤ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ᠃ ︵3︶ ᠠᠵᠤ ᠦᠢᠯᠡᠳᠪᠦᠷᠢ ᠶᠢ ᠪᠦᠬᠦ ᠲᠠᠯ᠎ᠠ ᠪᠠᠷ ᠪᠣᠬᠢᠷᠲᠤᠯ ᠥᠬᠡᠶ ᠪᠤᠯᠭᠠᠨ ᠬᠤᠪᠢᠷᠠᠭᠤᠯᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠣᠬᠢᠷᠲᠤᠯ ᠥᠬᠡᠶ ᠦᠢᠯᠡᠳᠬᠦᠨ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠪᠠ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶᠡᠰᠦ ᠶᠢᠨ ᠬᠥᠭᠵᠢᠯᠲᠡ ᠶᠢ ᠠᠬᠢᠭᠤᠯᠤᠨ᠂ ᠦᠢᠯᠡᠳᠬᠦ ᠦᠢᠯᠡᠰ ᠤᠨ ᠡᠨᠧᠷᠭᠢ ᠠᠷᠪᠢᠯᠠᠬᠤ᠂ ᠥᠨᠳᠥᠷ ᠦᠷ᠎ᠡ ᠠᠰᠢᠭ ᠲᠠᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂  ᠤᠷᠴᠢᠯ ᠬᠥᠭᠵᠢᠯᠲᠡ ᠶᠢ ᠪᠡᠶᠡᠯᠡᠭᠦᠯᠵᠦ᠂ 2025 ᠣᠨ ᠪᠣᠯᠬᠤ ᠳᠤ 35 ᠪᠣᠬᠢᠷᠲᠤᠯ ᠥᠬᠡᠶ ᠦᠢᠯᠡᠳᠪᠦᠷᠢ ᠶᠢ ᠡᠭᠦᠳᠦᠨ ᠪᠠᠶᠢᠭᠤᠯᠤᠨ᠎ᠠ᠃ ︵4︶ ᠭᠤᠤᠯᠳᠠᠯᠭ᠎ᠠ ᠲᠠᠢ ᠠᠵᠢᠯ ᠲᠥᠷᠥᠯ ᠢ ᠬᠥᠲᠥᠯᠦᠨ ᠵᠢᠯᠣᠭᠤᠳᠴᠤ ᠪᠠᠶᠢᠭᠠᠳ ᠠᠷᠢᠭᠤᠨ ᠴᠡᠪᠡᠷ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠦᠢᠯᠡᠳᠪᠦᠷᠢᠯᠡᠯ ᠢ ᠦᠨᠡᠯᠡᠵᠦ ᠭᠡᠷᠡᠴᠢᠯᠡᠬᠦ ᠶᠢ ᠥᠷᠨᠢᠭᠦᠯᠦᠨ᠂ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ ᠡᠭᠡᠭᠦᠯᠦᠨ ᠬᠤᠷᠢᠶᠠᠬᠤ᠂ ᠬᠠᠶᠠᠭᠳᠠᠮᠠᠯ ᠬᠡᠶ ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ 2025 ᠣᠨ ᠪᠣᠯᠬᠤ ᠳᠤ᠂ ᠨᠢᠭᠡᠴᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠤᠭᠳᠠᠯ  ᠢ 18% ᠪᠠᠭᠤᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      6.ᠢᠯᠴᠢ ᠬᠠᠩᠭᠠᠬᠤ ᠬᠦᠷᠢᠶᠡᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠤᠲᠠ ᠶᠢᠨ ᠳᠥᠷᠪᠡᠨ ᠲᠣᠭᠤᠷᠢᠭ ᠤᠨ ᠬᠢᠨ ᠨᠡᠭᠦᠷᠡᠰᠦ ᠰᠢᠲᠠᠭᠠᠬᠤ ᠭᠦᠸᠧᠯᠦ ᠶᠢᠨ ᠬᠡᠷ ︵ᠭᠡᠷᠡᠭᠯᠡᠭᠡᠨ ᠤ ᠤᠷᠬᠢᠯ ᠢ ᠲᠤᠬᠢᠷᠠᠭᠤᠯᠬᠤ ᠢᠯᠴᠢ ᠶᠢᠨ ᠦᠢᠯᠡᠳᠪᠦᠷᠢ ᠠᠴᠠ ᠭᠠᠳᠠᠨ᠎ᠠ︶ ᠢ ᠳᠠᠭᠢᠵᠤ ᠰᠢᠨ᠎ᠡ ᠪᠠᠷ ᠪᠠᠶᠢᠭᠤᠯᠬᠤ ᠦᠭᠡᠢ᠂ ᠥᠷᠭᠡᠳᠬᠡᠨ ᠪᠠᠶᠢᠭᠤᠯᠬᠤ ᠦᠭᠡᠢ᠂ ᠥᠭᠡᠷᠡᠴᠢᠯᠡᠨ ᠪᠠᠶᠢᠭᠤᠯᠬᠤ ᠥᠬᠡᠶ ᠪᠠᠶᠢᠵᠤ᠂ ᠴᠠᠬᠢᠯᠭᠠᠨ ᠬᠠᠩᠭᠠᠬᠤ ᠢᠯᠴᠢ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃ ︵2︶ ᠢᠯᠴᠢ ᠶᠢᠨ ᠲᠣᠤᠷ᠂ ᠴᠠᠬᠢᠯᠭᠠᠨ ᠤ ᠲᠣᠤᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠳ᠋ᠠ ᠲᠠᠩ ᠤᠨ ᠢᠯᠴᠢ ᠶᠢ ᠬᠥᠬᠡᠬᠤᠲᠠ ᠳᠤ ᠣᠷᠣᠭᠤᠯᠬᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢ ᠪᠥᠲᠥᠭᠡᠨ ᠪᠠᠶᠢᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠬᠠᠷᠢᠯᠴᠠᠨ ᠬᠤᠯᠪᠤᠵᠤ ᠬᠠᠷᠢᠯᠴᠠᠨ ᠨᠡᠪᠲᠡᠷᠡᠭᠦᠯᠵᠦ᠂ ᠢᠯᠴᠢ ᠶᠢ ᠨᠢᠭᠡᠳᠦᠯᠲᠡᠶ ᠲᠤᠬᠢᠷᠠᠭᠤᠯᠤᠨ᠎ᠠ᠃ ︵3︶ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠳᠡᠯᠭᠡᠷᠡᠭᠦᠯᠵᠦ᠂ ᠰᠠᠯᠬᠢᠨ ᠬᠦᠴᠦᠨ ᠤ ᠴᠠᠬᠢᠯᠭᠠᠨ ᠢᠶᠠᠷ ᠢᠯᠴᠢ ᠬᠠᠩᠭᠠᠬᠤ ᠶᠢ ᠡᠮᠬᠢ ᠵᠢᠷᠤᠮ ᠲᠠᠢ ᠬᠥᠭᠵᠢᠭᠦᠯᠦᠨ᠂ ᠭᠠᠵᠠᠷ ᠤᠨ ᠢᠯᠴᠢ ᠶᠢ ᠵᠦᠶ ᠵᠣᠬᠢᠰᠲᠠᠶ ᠠᠰᠢᠭᠯᠠᠵᠤ᠂ ᠳᠣᠭᠢᠷᠠᠬᠤ ᠭᠠᠵᠠᠷ ᠣᠷᠣᠨ ᠳᠤ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠶᠢ ᠤᠷᠢᠳᠠᠪᠠᠷ ᠠᠰᠢᠭᠯᠠᠨ ᠢᠯᠴᠢ ᠬᠠᠩᠭᠠᠵᠤ᠂ ᠢᠯᠴᠢ ᠶᠢᠨ ᠬᠡᠮᠵᠢᠶ᠎ᠡ ᠪᠠᠷ ᠰᠦᠢᠳᠭᠡᠯ ᠬᠤᠷᠢᠶᠠᠬᠤ ᠶᠢ ᠲᠤᠷᠰᠢᠯᠲᠠ ᠬᠢᠬᠦ ᠶᠢᠨ ᠬᠠᠮᠲᠤ ᠠᠯᠬᠤᠮ ᠠᠯᠬᠤᠮ ᠢᠶᠠᠷ ᠳᠡᠯᠭᠡᠷᠡᠭᠦᠯᠵᠦ ᠂ 2025 ᠣᠨ ᠪᠣᠯᠬᠤ ᠳᠤ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︵4︶ ︽ᠡᠪᠦᠯ ᠤᠨ ᠡᠪᠡᠳᠴᠢᠨ ᠢ ᠵᠣᠨ ᠵᠠᠰᠠᠬᠤ︾ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠪᠡᠯᠡᠳᠬᠡᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠪᠠ ᠠᠷᠠᠴᠢᠯᠠᠨ ᠬᠠᠮᠠᠭᠠᠯᠠᠵᠤ᠂ ᠲᠤᠰᠤᠯᠠᠬᠤ ᠭᠤᠭᠤᠵᠢᠬᠤ ᠵᠡᠷᠭᠡ ᠰᠢᠯᠲᠠᠭᠠᠨ ᠠᠴᠠ ᠪᠣᠯᠤᠭᠰᠠᠨ ᠢᠯᠴᠢ ᠶᠢᠨ ᠰᠦᠢᠲᠦᠯ ᠢ ᠪᠠᠭᠠᠰᠬᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠢᠯᠴᠢ ᠬᠠᠩᠭᠠᠬᠤ ᠡᠨᠧᠷᠭᠢ ᠶᠢᠨ ᠬᠤᠷᠤᠭᠳᠠᠯ  ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      7. ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵1︶ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯᠯᠠᠭ᠎ᠠ ᠶᠢᠨ ᠲᠥᠰᠦᠯ︾ ᠢ ᠲᠣᠭᠲᠠᠭᠠᠵᠤ᠂ ᠠᠵᠢᠯ ᠤᠨ ᠲᠥᠯᠥᠪᠯᠡᠭᠡ ᠶᠢ ᠣᠨ ᠬᠤᠪᠢᠶᠠᠨ ᠨᠠᠶᠢᠷᠠᠭᠤᠯᠤᠨ ᠵᠣᠬᠢᠶᠠᠵᠤ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ︽2︶ ᠬᠤᠲᠠ ᠪᠠᠯᠭᠠᠰᠤ ᠶᠢᠨ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 35% ᠶᠢ ᠳᠠᠪᠠᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ 30% ᠬᠦᠷᠭᠡᠨ᠎ᠡ᠃ ︵3︶ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠠᠭᠤᠴᠢᠨ  ᠬᠤᠷᠢᠶᠠᠯᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠪᠥᠲᠥᠭᠡᠨ ᠪᠠᠶᠢᠭᠤᠯᠤᠯᠲᠠ᠂ ᠬᠤᠲᠠ ᠶᠢᠨ ᠦᠵᠡᠮᠵᠢ ᠶᠢ ᠴᠡᠭᠴᠡᠯᠡᠨ ᠵᠠᠰᠠᠬᠤ ᠵᠡᠷᠭᠡ ᠠᠵᠢᠯ ᠲᠠᠢ ᠤᠶᠠᠯᠳᠤᠭᠤᠯᠤᠨ᠂ ᠪᠠᠷᠢᠯᠭ᠎ᠠ ᠶᠢᠨ ᠬᠦᠷᠢᠶ᠎ᠡ ᠬᠠᠰᠢᠶ᠎ᠠ᠂ ᠡᠭᠦᠳᠡ ᠴᠣᠩᠬᠤ᠂ ᠭᠠᠳᠠᠷ ᠲᠠᠯ᠎ᠠ ᠶᠢᠨ ᠨᠠᠷᠠ ᠬᠠᠯᠬᠠᠯᠠᠬᠤ᠂ ᠠᠶᠠᠨᠳᠠᠭᠠᠨ ᠰᠠᠯᠬᠢ ᠨᠡᠪᠲᠡᠷᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ᠂ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠵᠡᠷᠭᠡ ᠪᠠᠷ ᠭᠤᠤᠯᠳᠠᠯᠭ᠎ᠠ ᠪᠣᠯᠭᠠᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠵᠦ᠂ 2025 ᠣᠨ ᠪᠣᠯᠬᠤ ᠳᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 800 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ ︵4︶ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠪᠠ ᠪᠠᠷᠢᠯᠭ᠎ᠠ ᠶᠢᠨ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠶ ᠳᠡᠯᠭᠡᠷᠡᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ  ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠥᠭᠵᠢᠭᠦᠯᠦᠨ᠂ 2025 ᠣᠨ ᠪᠣᠯᠬᠤ ᠳᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 150 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠵᠤ᠂ ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 30% ᠳᠤ ᠬᠦᠷᠦᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠬᠤ  ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ︶      8. ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠶᠢ ᠴᠢᠩᠭᠠᠷᠠᠭᠤᠯᠤᠨ᠎ᠠ᠃ ︵1︶ ᠪᠣᠬᠢᠷᠲᠤᠯ ᠥᠬᠡᠶ ᠲᠡᠮᠦᠷ ᠵᠠᠮ᠂ ᠪᠣᠬᠢᠷᠲᠤᠯ ᠥᠬᠡᠶ ᠵᠠᠰᠠᠮᠠᠯ ᠵᠠᠮ᠂ ᠪᠣᠬᠢᠷᠲᠤᠯ ᠥᠬᠡᠶ ᠨᠢᠰᠬᠡᠯ ᠤᠨ ᠪᠠᠭᠤᠳᠠᠯ ᠢᠶᠠᠷ ᠭᠤᠤᠯᠳᠠᠯᠭ᠎ᠠ ᠪᠣᠯᠭᠠᠭᠰᠠᠨ ᠶᠡᠷᠦᠩᠬᠡᠶᠢᠯᠡᠭᠰᠡᠨ  ᠪᠣᠬᠢᠷᠲᠤᠯ ᠥᠬᠡᠶ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠴᠡᠨᠡᠭᠯᠡᠵᠦ ᠰᠣᠯᠢᠬᠤ᠂ ᠨᠡᠮᠡᠬᠦ ︵ᠬᠡᠢ︶᠂ ᠤᠰᠤᠲᠥ᠋ᠷᠥᠭᠴᠢ ᠨᠡᠮᠡᠬᠦ ᠂ ᠨᠢᠰᠬᠡᠯ ᠤᠨ ᠪᠠᠭᠤᠳᠠᠯ ᠤᠨ ᠬᠠᠵᠠᠭᠤ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ︵2︶ ︽ᠨᠡᠶᠢᠲᠡ ᠶᠢᠨ ᠵᠠᠮ ᠬᠠᠷᠢᠯᠴᠠᠭ᠎ᠠ ᠶᠢ ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠵᠢᠮᠲᠤ ᠵᠠᠮ + ᠨᠡᠶᠢᠲᠡ ᠶᠢᠨ ᠮᠠᠰᠢᠨ ᠲᠡᠷᠭᠡ + ᠤᠳᠠᠭᠠᠨ ᠶᠠᠪᠤᠬᠤ︾ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ︽ᠮᠤᠬᠤᠷ ᠵᠠᠮ︾ ᠢ ᠠᠷᠢᠯᠭᠠᠵᠤ᠂ ︽ᠪᠢᠴᠢᠯ ᠣᠷᠴᠢᠯ︾ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ ᠤᠨ ᠠᠷᠭ᠎ᠠ ᠮᠠᠶ᠋ᠢᠭ ᠢ ᠤᠷᠢᠳᠠᠪᠠᠷ ᠰᠣᠩᠭᠤᠭᠤᠯᠤᠨ᠎ᠠ᠃ ︵3︶ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠬᠡᠪᠡᠷ ᠳᠡᠯᠭᠡᠷᠡᠭᠦᠯᠵᠦ᠂ ᠴᠡᠪᠡᠷ ᠡᠨᠧᠷᠭᠢ ᠶᠢ ᠳᠡᠯᠭᠡᠷᠡᠭᠦᠯᠬᠦ ᠪᠠ ᠬᠡᠷᠡᠭᠯᠡᠬᠦ ᠶᠢ ᠲᠦᠷᠭᠡᠳᠬᠡᠨ᠂ ᠴᠡᠪᠡᠷ ᠲᠦᠯᠡᠰᠢ ᠲᠠᠢ ᠲᠡᠷᠭᠡ ᠬᠥᠰᠬᠡ ᠶᠢᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠨ ᠰᠣᠯᠢᠬᠤ ᠶᠢ ᠲᠦᠷᠭᠡᠳᠬᠡᠨ᠂ ᠲᠦᠷᠢᠶᠡᠰᠦᠨ ᠮᠠᠰᠢᠨ ᠲᠡᠷᠭᠡ ᠶᠢᠨ ᠲᠤᠰᠤ᠂ ᠬᠡᠢ ᠶᠢᠨ ᠬᠤᠷᠣᠭᠳᠠᠯ ᠢ ᠪᠠᠭᠠᠰᠬᠠᠨ᠎ᠠ᠃ ︵4︶ ᠲᠡᠮᠥᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠮᠥᠷ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠡᠮᠥᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠲᠠᠢ ᠨᠡᠭᠦᠷᠡᠰᠦ᠂ ᠪᠤᠯᠤᠳ ᠲᠡᠮᠥᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠴᠠᠬᠢᠯᠭᠠᠨ ᠬᠦᠴᠦ᠂ ᠬᠡᠦᠷᠰᠢᠭᠦᠯᠬᠦ ᠵᠡᠷᠭᠡ ᠲᠤᠮᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠶᠡᠭᠡ ᠬᠡᠮᠵᠢᠶᠡᠨ ᠤ ᠪᠠᠷᠠᠭ᠎ᠠ ᠶᠢ ᠠᠯᠬᠤᠮ ᠠᠯᠬᠤᠮ ᠢᠶᠠᠷ ᠲᠡᠮᠥᠷ ᠵᠠᠮ ᠢᠶᠠᠷ ᠲᠡᠭᠡᠭᠡᠪᠦᠷᠢᠯᠡᠨ᠎ᠡ᠃ 2025 ᠣᠨ ᠪᠣᠯᠬᠤ ᠳᠤ᠂ ᠪᠥᠬᠦ ᠬᠤᠲᠠ ᠶᠢᠨ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 100% ᠳᠤ ᠬᠦᠷᠦᠭᠦᠯᠵᠦ᠂ ᠬᠤᠲᠠ ᠶᠢᠨ ᠳᠥᠷᠪᠡᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠴᠢᠯᠠᠭᠰᠠᠨ ᠠᠶᠠᠯᠠᠯ ᠢ ᠬᠤᠪᠢᠶᠠᠨ ᠡᠭᠦᠷᠭᠡᠯᠡᠬᠦ ᠨᠣᠷᠮ᠎ᠠ ᠶᠢ 40% ᠠᠴᠠ ᠳᠣᠤᠷ᠎ᠠ ᠪᠠᠶᠢᠯᠭᠠᠬᠤ ᠥᠬᠡᠶ᠂ ᠪᠣᠬᠢᠷᠲᠤᠯ ᠥᠬᠡᠶ ᠠᠶᠠᠯᠠᠯ ᠤᠨ ᠬᠠᠷᠢᠴᠠᠯ ᠢ 70% ᠳᠤ ᠬᠦᠷᠦᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      9. ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ  ᠦᠢᠯᠡᠳᠦᠯ ᠢ ᠳᠡᠭᠡᠭᠰᠢᠯᠡᠭᠦᠯᠦᠨ᠎ᠡ᠃ ︵1︶ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠲᠥᠷᠢᠮ ᠢ ᠪᠥᠷᠢᠨᠰᠢᠬᠦᠯᠥᠨ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠡᠮᠵᠢᠯᠲᠡ ᠶᠢᠨ ᠪᠠ ᠡᠨᠧᠷᠭᠢ ᠶᠢᠨ ᠬᠤᠷᠤᠭᠳᠠᠯ ᠤᠨ ᠲᠣᠭᠲᠠᠭᠰᠠᠨ ᠲᠤᠭᠠᠨ ᠤ ᠬᠠᠮᠢᠶᠠᠷᠤᠯᠲᠠ᠂ ᠡᠨᠧᠷᠭᠢ ᠶᠢᠨ ᠬᠢᠨᠠᠨ ᠪᠤᠳᠤᠬᠤ ᠲᠥᠷᠢᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠡᠷᠡᠭᠯᠡᠭᠡ ᠶᠢ ᠲᠡᠰ ᠬᠤᠪᠢᠶᠠᠨ᠂ ᠵᠦᠢᠯ ᠬᠤᠪᠢᠶᠠᠨ ᠬᠡᠮᠵᠢᠬᠦ ᠬᠠᠮᠢᠶᠠᠷᠤᠯᠲᠠ ᠶᠢ ᠲᠥᠯᠬᠢᠨ ᠠᠬᠢᠭᠤᠯᠵᠤ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠭᠤᠣᠯᠳᠠᠯᠭ᠎ᠠ ᠲᠠᠢ ᠡᠨᠧᠷᠭᠢ  ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠠᠷᠠᠯᠲᠠ ᠶᠢ ᠵᠠᠳᠠᠯᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︵2︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠤᠨ ᠪᠠᠷᠢᠯᠭ᠎ᠠ᠂ ᠡᠨᠧᠷᠭᠢ ᠬᠡᠷᠡᠭᠯᠡᠬᠦ ᠪᠡᠯᠡᠳᠬᠡᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠬᠦᠨ ᠢ ᠠᠯᠪᠠᠳᠠᠯᠭ᠎ᠠ ᠪᠠᠷ ᠬᠤᠳᠠᠯᠳᠤᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠦᠢᠯᠡᠳᠬᠦᠨ ᠢ ᠤᠷᠢᠳᠠᠪᠠᠷ ᠬᠤᠳᠠᠯᠳᠤᠨ ᠠᠪᠤᠨ᠎ᠠ᠃ ︵3︶ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠪᠠᠶᠢᠭᠤᠯᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠰᠢᠰᠲ᠋ᠧᠮ ᠳᠤ ᠠᠷᠪᠢᠯᠠᠨ ᠭᠠᠮᠨᠠᠬᠤ ᠬᠡᠯᠪᠡᠷᠢ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵4︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠡᠨᠧᠷᠭᠢ ᠶᠢᠨ ᠰᠤᠷᠪᠤᠯᠵᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠣᠯᠠᠨ ᠨᠡᠶᠢᠲᠡ ᠶᠢᠨ ᠪᠠᠶᠢᠭᠤᠯᠤᠮᠵᠢ ᠨᠢᠭᠡᠴᠡ ᠶᠢᠨ ᠪᠠᠷᠢᠯᠭ᠎ᠠ ᠶᠢᠨ ᠲᠠᠯᠠᠪᠠᠶ ᠶᠢᠨ ᠡᠨᠧᠷᠭᠢ ᠶᠢᠨ ᠬᠤᠷᠤᠭᠳᠠᠯ ᠢ 5% ᠪᠠᠭᠤᠷᠠᠭᠤᠯᠵᠤ᠂ ᠬᠥᠮᠦᠨ ᠳᠤᠮᠳᠠᠴᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠤᠭᠳᠠᠯ ᠢ 6% ᠪᠠᠭᠤᠷᠠᠭᠤᠯᠵᠤ᠂ ᠬᠥᠮᠦᠨ ᠳᠤᠮᠳᠠᠴᠢ ᠶᠢᠨ ᠤᠰᠤ ᠬᠡᠷᠡᠭᠯᠡᠬᠦ ᠬᠡᠮᠵᠢᠶ᠎ᠡ ᠶᠢ 6% ᠪᠠᠭᠤᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶      10. ᠲᠤᠭ᠎ᠠ ᠪᠠᠷᠢᠮᠲᠠ ᠶᠢᠨ ᠲᠥᠪ ᠤᠨ ᠡᠨᠧᠷᠭᠢ ᠠᠷᠪᠢᠯᠠᠬᠤ ᠶᠢ ᠴᠢᠩᠭᠠᠳᠬᠠᠨ᠎ᠠ᠃ ︵1︶ ᠲᠤᠭ᠎ᠠ ᠪᠠᠷᠢᠮᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠲᠤᠭ᠎ᠠ ᠪᠠᠷᠢᠮᠲᠠ ᠶᠢᠨ ᠲᠥᠪ ᠢ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠰᠢᠭᠤᠯᠵᠤ᠂ PUE ᠬᠡᠮᠵᠢᠭᠳᠡᠯ ︵ᠴᠠᠬᠢᠯᠭᠠᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ︶ ᠢ 1.2 ᠠᠴᠠ ᠬᠡᠲᠦᠷᠡᠭᠦᠯᠬᠦ ᠥᠬᠡᠶ᠂ ᠪᠤᠰᠤᠳ ᠭᠠᠵᠠᠷ ᠣᠷᠣᠨ ᠤ ᠲᠤᠭ᠎ᠠ ᠪᠠᠷᠢᠮᠲᠠ ᠶᠢᠨ ᠲᠥᠪ ᠤᠨ PUE ᠬᠡᠮᠵᠢᠭᠳᠡᠯ ᠢ 1.3 ᠠᠴᠠ ᠬᠡᠲᠦᠷᠡᠭᠦᠯᠬᠦ ᠥᠬᠡᠶ᠃ ︵2︶ ᠨᠢᠭᠡᠨᠲᠡ ᠪᠠᠶᠢᠭ᠎ᠠ ᠲᠤᠭ᠎ᠠ ᠪᠠᠷᠢᠮᠲᠠ ᠶᠢᠨ ᠲᠥᠪ ᠤᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠥᠨᠳᠥᠷ ᠦᠷ᠎ᠡ ᠠᠰᠢᠭ ᠲᠠᠢ ᠬᠥᠯᠳᠡᠭᠡᠬᠦ ᠮᠡᠷᠭᠡᠵᠢᠯ᠂ ᠲᠡᠷᠢᠭᠦᠨ ᠤ ᠰᠠᠯᠬᠢ ᠨᠡᠪᠲᠡᠷᠡᠭᠦᠯᠬᠦ ᠮᠡᠷᠭᠡᠵᠢᠯ᠂ ᠦᠯᠡᠳᠡᠪᠦᠷᠢ ᠢᠯᠴᠢ ᠶᠢ ᠠᠰᠢᠭᠯᠠᠬᠤ ᠮᠡᠷᠭᠡᠵᠢᠯ᠂ ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠶᠢ ᠳᠡᠯᠭᠡᠷᠡᠭᠦᠯᠵᠦ᠂ ᠡᠨᠧᠷᠭᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵3︶ ᠲᠤᠭ᠎ᠠ ᠪᠠᠷᠢᠮᠲᠠ ᠶᠢᠨ ᠲᠥᠪ ᠤᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠣᠯᠠᠨ ᠡᠰᠢᠵᠢᠭᠰᠡᠨ ᠡᠨᠧᠷᠭᠢ ᠶᠢᠨ ᠬᠠᠩᠭᠠᠯᠭ᠎ᠠ ᠶᠢᠨ ᠵᠠᠭᠪᠤᠷ ᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠠᠶᠢᠭᠠᠯᠢ ᠶᠢᠨ ᠬᠦᠢᠲᠡᠨ ᠰᠤᠷᠪᠤᠯᠵᠢ᠂ ᠲᠣᠭᠲᠠᠮᠠᠯ ᠭᠦᠶᠦᠳᠡᠯᠲᠦ ᠴᠠᠬᠢᠯᠭᠠᠨ ᠢᠶᠠᠷ ᠴᠠᠬᠢᠯᠭᠠᠨ ᠬᠠᠩᠭᠠᠬᠤ᠂ ︽ᠬᠡᠷᠡᠯ ᠴᠡᠨᠡᠭ + ᠡᠨᠧᠷᠭᠢ ᠨᠦᠬᠡᠴᠡᠯᠡᠬᠦ︾᠂ ᠲᠠᠷᠬᠠᠢ ᠬᠡᠯᠪᠡᠷᠢ ᠶᠢᠨ ᠡᠨᠧᠷᠭᠢ ᠨᠦᠬᠡᠴᠡᠯᠡᠬᠦ ᠵᠡᠷᠭᠡ ᠮᠡᠷᠭᠡᠵᠢᠯ ᠤᠨ ᠵᠠᠭᠪᠤᠷ ᠢ ᠬᠡᠷᠡᠭᠯᠡᠨ᠂ ᠲᠤᠭ᠎ᠠ ᠪᠠᠷᠢᠮᠲᠠ ᠶᠢᠨ ᠲᠥᠪ ᠤᠨ ᠨᠡᠭᠦᠷᠡᠰᠦ ᠴᠢᠯᠠᠭᠤᠨ ᠲᠤᠰᠤᠨ ᠤ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      11. ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠨᠧᠷᠭᠢ ᠠᠷᠪᠢᠯᠠᠬᠤ ᠶᠢ ᠲᠡᠭᠦᠯᠳᠡᠷᠵᠢᠭᠦᠯᠦᠨ᠎ᠡ᠃ ︵1︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠡᠨᠧᠷᠭᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠲᠤ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠣᠳᠣᠨ ᠲᠠᠰ ᠤᠨ ᠪᠠᠭᠤᠳᠠᠯ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠣᠨᠣᠰᠢᠯᠠᠯᠲᠠ ᠶᠢ ᠬᠡᠷᠡᠭᠵᠢᠭᠦᠯᠵᠦ᠂ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ ᠪᠠ ᠡᠨᠧᠷᠭᠢ ᠶᠢᠨ ᠬᠤᠷᠣᠭᠳᠠᠯ ᠶᠡᠬᠡᠲᠡᠶ ᠬᠠᠭᠤᠴᠢᠨ ᠲᠥᠬᠦᠭᠡᠷᠦᠮᠵᠢ ᠶᠢ ᠲᠦᠷᠭᠡᠳᠬᠡᠨ ᠰᠢᠭᠰᠢᠨ᠎ᠡ᠃ ︵2︶ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠡᠨᠧᠷᠭᠢ ᠶᠢᠨ ᠰᠤᠷᠪᠤᠯᠵᠢ ᠶᠢ ᠨᠠᠶᠢᠳᠠᠨ ᠬᠠᠮᠢᠶᠠᠷᠤᠭᠤᠯᠵᠤ᠂ ᠲᠤᠰᠬᠠᠶᠢᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︵3︶ ᠪᠣᠬᠢᠷᠲᠤᠯ ᠥᠬᠡᠶ ᠬᠥᠮᠥᠷᠭᠡᠯᠡᠨ ᠬᠠᠳᠠᠭᠠᠯᠠᠬᠤ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠲᠡᠭᠰᠢ ᠳᠠᠪᠬᠤᠷᠭᠠᠲᠤ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠪᠣᠰᠤᠭ᠎ᠠ ᠴᠣᠭᠴᠠᠲᠤ ᠲᠣᠤᠷᠵᠢᠯ ᠤᠨ ᠪᠦᠲᠦᠴᠡ ᠳᠠᠰᠢ ᠲᠠᠰ ᠳᠡᠪᠰᠢᠬᠦ ᠶᠢ ᠵᠣᠷᠢᠭᠵᠢᠭᠤᠯᠤᠨ᠂ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ᠂ ᠬᠤᠪᠢᠶᠠᠷᠢᠯᠠᠨ ᠰᠠᠯᠭᠠᠵᠤ ᠳᠣᠭᠢᠷᠠᠭᠤᠯᠤᠨ ᠬᠦᠷᠭᠡᠬᠦ ᠵᠡᠷᠭᠡ ᠭᠤᠭᠴᠤᠭ᠎ᠠ ᠶᠢᠨ ᠠᠦ᠋ᠲ᠋ᠣᠴᠢᠯᠠᠬᠤ᠂ ᠣᠶᠤᠨᠴᠢᠯᠠᠬᠤ᠂ ᠡᠨᠧᠷᠭᠢ ᠠᠷᠪᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵4︶ ᠪᠠᠷᠢᠮᠵᠢᠶᠠᠵᠢᠭᠤᠯᠤᠭᠰᠠᠨ ᠪᠠᠷᠠᠭᠠᠨ ᠤ ᠭᠦᠢᠯᠭᠡᠭᠡᠨ ᠤ ᠡᠷᠭᠢᠯᠳᠦᠭᠦᠯᠬᠦ ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠠᠷᠢᠮᠵᠢᠶᠠᠵᠢᠭᠤᠯᠤᠭᠰᠠᠨ ᠲᠠᠪᠠᠭ ᠵᠡᠷᠭᠡ ᠪᠠᠷᠢᠮᠵᠢᠶᠠᠵᠢᠭᠤᠯᠤᠭᠰᠠᠨ ᠠᠴᠢᠶᠠᠯᠠᠪᠤᠷᠢ ᠶᠢᠨ ᠪᠠᠭᠠᠵᠢ ᠬᠡᠷᠡᠭᠰᠡᠯ ᠢ ᠡᠷᠭᠢᠯᠳᠦᠭᠦᠯᠦᠨ ᠬᠠᠮᠲᠤ ᠪᠠᠷ ᠬᠡᠷᠡᠭᠯᠡᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠨᠢᠭᠡᠴᠢ ᠪᠠᠷᠢᠯᠭ᠎ᠠ ᠶᠢᠨ ᠲᠠᠯᠠᠪᠠᠶ ᠶᠢᠨ ᠡᠨᠧᠷᠭᠢ ᠶᠢᠨ ᠬᠤᠷᠣᠭᠳᠠᠯ ᠢ 2% ᠠᠴᠠ ᠳᠡᠭᠡᠭᠰᠢ ᠪᠠᠭᠤᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      12. ᠲᠠᠷᠢᠶᠠᠯᠠᠩ ᠬᠥᠳᠡᠭᠡ ᠲᠣᠰᠬᠤᠨ ᠤ ᠡᠨᠧᠷᠭᠢ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠤᠨ᠎ᠠ᠃ ︵1︶ ᠲᠠᠷᠢᠶᠠᠯᠠᠩ ᠮᠠᠯ ᠠᠵᠤ ᠠᠬᠤᠶ ᠶᠢᠨ ᠬᠠᠭᠤᠴᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠲᠥᠯᠬᠢᠨ ᠠᠬᠢᠭᠤᠯᠵᠤ᠂ ᠡᠨᠧᠷᠭᠢ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠪᠠᠶᠢᠴᠠᠭᠠᠨ ᠬᠡᠮᠵᠢᠬᠦ ᠶᠢ ᠥᠷᠨᠢᠭᠦᠯᠵᠦ᠂ ᠲᠠᠷᠢᠶᠠᠴᠢᠳ ᠤᠨ ᠥᠨᠳᠥᠷ ᠦᠷ᠎ᠡ ᠪᠦᠲᠦᠮᠵᠢᠲᠡᠶ ᠡᠨᠧᠷᠭᠢ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠶᠢ ᠵᠣᠷᠢᠭᠵᠢᠭᠤᠯᠤᠨ᠂ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠬᠤ ᠶᠢ ᠴᠢᠩᠭᠠᠳᠬᠠᠨ᠎ᠠ᠃ ︵2︶ ᠠᠷᠢᠭᠤᠨ ᠴᠡᠪᠡᠷ ᠡᠨᠧᠷᠭᠢ ᠶᠢ ᠨᠡᠭᠡᠭᠡᠨ ᠠᠰᠢᠭᠯᠠᠵᠤ᠂ ᠰᠠᠯᠬᠢᠨ ᠡᠨᠧᠷᠭᠢ᠂ ᠨᠡᠷᠡᠨ ᠡᠨᠧᠷᠭᠢ ᠪᠣᠯᠤᠨ ᠠᠮᠢᠳᠤ ᠪᠣᠳᠠᠰ ᠤᠨ ᠡᠨᠧᠷᠭᠢ ᠶᠢ ᠭᠡᠷ ᠪᠠᠶᠢᠰᠢᠩ ᠤᠨ ᠭᠡᠷᠡᠯᠲᠦᠭᠦᠯᠭᠡ᠂ ᠭᠠᠯ ᠲᠣᠭᠤᠭᠠᠨ ᠤ ᠪᠠ ᠳᠤᠯᠠᠭᠠᠯᠠᠭ᠎ᠠ ᠵᠡᠷᠭᠡ ᠲᠠᠯ᠎ᠠ ᠪᠠᠷ ᠬᠡᠷᠡᠭᠯᠡᠬᠦ ᠶᠢ ᠠᠬᠢᠭᠤᠯᠤᠨ᠂ ᠲᠠᠷᠢᠮᠠᠯ ᠤᠨ ᠡᠰᠢ ᠰᠦᠷᠡᠯ ᠦᠢᠯᠡᠳᠪᠦᠷᠢᠯᠡᠬᠦ ᠰᠢᠨ᠎ᠡ ᠮᠠᠲ᠋ᠧᠷᠢᠶᠠᠯ ᠤᠨ ᠮᠡᠷᠭᠡᠵᠢᠯ ᠢ ᠳᠡᠯᠭᠡᠷᠡᠭᠦᠯᠵᠦ ᠂ ᠡᠰᠢ ᠰᠦᠷᠡᠯ ᠢ ᠡᠨᠧᠷᠬᠢᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠡᠪᠴᠢᠶᠡᠲᠦ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠨᠠᠮᠤᠭ ᠤᠨ ᠬᠡᠢ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ︵3︶ ᠲᠠᠷᠢᠶᠠᠯᠠᠩ ᠤᠨ ᠮᠠᠰᠢᠨ ᠴᠠᠬᠢᠯᠭᠠᠨ ᠤ ᠬᠤᠳᠳᠤᠭ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠷᠢᠭᠦᠨ ᠤ ᠤᠰᠤᠯᠠᠯᠲᠠ ᠶᠢᠨ ᠤᠰᠤ ᠠᠷᠪᠢᠯᠠᠬᠤ᠂ ᠡᠨᠧᠷᠭᠢ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠠᠷᠢᠶᠠᠴᠢᠨ ᠡᠷᠦᠭᠡ ᠶᠢ ᠵᠢᠯᠣᠭᠤᠳᠤᠨ ᠤᠰᠤᠨ ᠬᠥᠭᠡᠷᠭᠡ ᠶᠢ ᠵᠣᠬᠢᠰᠲᠠᠶ ᠰᠣᠩᠭᠤᠵᠤ᠂ ᠤᠰᠤᠨ ᠬᠥᠭᠡᠷᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ︵ᠭᠤᠷᠪᠠ︶ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠦᠨ᠎ᠡ       ᠭᠤᠤᠯ ᠡᠭᠦᠷᠭᠡ᠄ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠂ ᠨᠡᠭᠦᠷᠡᠰᠦ ᠴᠠᠬᠢᠯᠭᠠᠨ ᠢ ᠴᠡᠪᠡᠷᠰᠢᠭᠦᠯᠬᠦ ᠠᠵᠢᠯᠯᠠᠭ᠎ᠠ᠂ ᠡᠨᠧᠷᠭᠢ ᠶᠢᠨ ᠬᠡᠷᠡᠭᠯᠡᠭᠡᠨ ᠤ ᠴᠠᠬᠢᠯᠭᠠᠨ ᠡᠨᠧᠷᠭᠢᠵᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦ᠂ ᠲᠣᠰᠣ᠂ ᠬᠡᠶ ᠵᠡᠷᠭᠡ ᠤᠯᠠᠮᠵᠢᠯᠠᠯᠲᠤ ᠡᠨᠧᠷᠭᠢ ᠶᠢᠨ ᠬᠡᠷᠡᠭᠯᠡᠭᠡ ᠶᠢ ᠪᠠᠭᠤᠷᠠᠭᠤᠯᠵᠤ᠂ ᠡᠨᠧᠷᠭᠢ ᠶᠢᠨ ᠠᠰᠢᠭᠯᠠᠯᠲᠠ ᠶᠢᠨ ᠴᠡᠪᠡᠷᠵᠢᠭᠦᠯᠦᠯᠲᠡ᠂ ᠪᠣᠬᠢᠷᠲᠤᠯ ᠥᠬᠡᠶ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠵᠢᠯ ᠤᠨ ᠠᠷᠭ᠎ᠠ ᠬᠡᠮᠵᠢᠶ᠎ᠡ᠄      13. ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︵1︶ ᠰᠢᠨ᠎ᠡ ᠡᠨᠧᠷᠭᠢ ᠶᠢᠨ ᠲᠠᠷᠬᠠᠢ ᠬᠡᠯᠪᠡᠷᠢ ᠶᠢᠨ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠵᠡᠷᠭᠡ ᠰᠢᠨ᠎ᠡ ᠡᠨᠧᠷᠭᠢ ᠶᠢᠨ ᠲᠠᠷᠬᠠᠢ ᠬᠡᠯᠪᠡᠷᠢ ᠶᠢᠨ ᠰᠢᠰᠲ᠋ᠧᠮ ᠢᠶᠠᠷ ᠰᠠᠭᠤᠷᠢ ᠪᠣᠯᠭᠠᠵᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠤᠭ᠎ᠠ ᠪᠠᠷᠢᠮᠲᠠ ᠶᠢᠨ ᠲᠥᠪ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨ᠎ᠡ ᠪᠠᠷ ᠪᠠᠶᠢᠭᠤᠯᠤᠭᠰᠠᠨ ᠠᠰᠠᠷ ᠪᠠᠶᠢᠰᠢᠩ ᠵᠡᠷᠭᠡ ᠭᠠᠵᠠᠷ ᠲᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠢ ᠠᠬᠢᠭᠤᠯᠤᠨ᠎ᠠ᠃ ︵2︶ ᠰᠠᠯᠬᠢᠨ ᠤ ᠡᠨᠧᠷᠭᠢ ᠨᠡᠷᠡᠨ ᠤ ᠡᠨᠧᠷᠭᠢ ᠲᠠᠷᠢᠶᠠᠯᠠᠩ ᠮᠠᠯ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠢ ᠬᠥᠭᠵᠢᠭᠦᠯᠵᠦ᠂ ᠬᠥᠳᠡᠭᠡ ᠲᠣᠰᠬᠤᠨ ᠳᠤ ︽ᠲᠠᠷᠢᠶᠠᠯᠠᠩ ᠨᠡᠷᠡᠨ ᠤ ᠡᠨᠧᠷᠭᠢ ᠬᠠᠷᠢᠯᠴᠠᠨ ᠨᠥᠬᠦᠪᠥᠷᠢᠯᠡᠬᠦ︾ ︽ᠣᠶ ᠰᠢᠭᠤᠶ ᠨᠡᠷᠡᠨ ᠤ ᠡᠨᠧᠷᠭᠢ ᠬᠠᠷᠢᠯᠴᠠᠨ ᠨᠥᠬᠦᠪᠥᠷᠢᠯᠡᠬᠦ︾ ︽ᠮᠠᠯ ᠠᠵᠤ ᠠᠬᠤᠶ ᠨᠡᠷᠡᠨ ᠤ ᠡᠨᠧᠷᠭᠢ ᠬᠠᠷᠢᠯᠴᠠᠨ ᠨᠥᠬᠦᠪᠥᠷᠢᠯᠡᠬᠦ︾ ᠵᠡᠷᠭᠡ ᠲᠠᠷᠬᠠᠢ ᠮᠠᠶ᠋ᠢᠭ ᠤᠨ ᠴᠠᠬᠢᠯᠭᠠᠨ ᠥᠷᠲᠡᠭᠡ ᠪᠠᠶᠢᠭᠤᠯᠵᠤ᠂ ᠴᠠᠬᠢᠯᠭᠠᠨ ᠬᠠᠩᠭᠠᠬᠤ ᠪᠠ ᠢᠯᠴᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠠᠯᠬᠢᠨ ᠤ ᠡᠨᠧᠷᠭᠢ ᠨᠡᠷᠡᠨ ᠤ ᠡᠨᠧᠷᠭᠢ ᠲᠠᠷᠢᠶᠠᠯᠠᠩ ᠮᠠᠯ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵3︶ ᠴᠠᠬᠢᠯᠭᠠᠨ ᠲᠣᠤᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ 500 ᠺᠢᠯᠤᠸᠠᠲ᠂ 220 ᠺᠢᠯᠤᠸᠠᠲ ᠤᠨ ᠭᠤᠤᠯ ᠲᠣᠤᠷ ᠤᠨ ᠵᠢᠶᠠᠰᠠ ᠶᠢᠨ ᠳᠠᠮᠵᠢᠭᠤᠯᠬᠤ ᠵᠠᠮ ᠱᠤᠭᠤᠮ ᠢ ᠲᠡᠭᠦᠯᠳᠡᠷᠵᠢᠭᠦᠯᠦᠨ᠂ ᠤᠰᠤ ᠲᠠᠲᠠᠵᠤ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠬᠠᠳᠠᠭᠠᠯᠠᠬᠤ᠂ ᠳ᠋ᠢᠶᠠᠨ ᡂᠢ ᠶᠢᠨ ᠡᠨᠧᠷᠭᠢ ᠬᠠᠳᠠᠭᠠᠯᠠᠬᠤ ᠪᠡᠯᠡᠳᠬᠡᠮᠵᠢ ᠶᠢ ᠬᠦᠭᠵᠢᠭᠦᠯᠵᠦ᠂ ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠰᠢᠨ᠎ᠡ ᠡᠨᠧᠷᠭᠢ ᠶᠢᠨ ᠪᠠᠭᠲᠠᠭᠠᠨ ᠰᠢᠩᠭᠡᠭᠡᠬᠦ ᠣᠷᠣᠭᠤᠯᠵᠤ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      14. ᠨᠡᠭᠦᠷᠡᠰᠦ ᠴᠠᠬᠢᠯᠭᠠᠨ ᠢ ᠴᠡᠪᠡᠷᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︵1︶ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ  ᠬᠠᠷᠢᠮᠠᠬᠠᠢ ᠴᠢᠨᠠᠷᠲᠠᠶ ᠪᠠᠷ ᠬᠢᠵᠠᠭᠠᠷᠯᠠᠵᠤ᠂ ᠨᠡᠭᠦᠷᠡᠰᠦ ᠶᠢ ᠲᠥᠪᠯᠡᠷᠡᠭᠦᠯᠦᠨ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠭᠡᠭᠰᠢᠯᠡᠭᠦᠯᠵᠦ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠡᠷᠡᠭᠯᠡᠬᠦ ᠨᠡᠭᠦᠷᠡᠰᠦ ᠶᠢ ᠵᠦᠢ ᠵᠣᠬᠢᠰᠲᠠᠶ ᠬᠢᠵᠠᠭᠠᠷᠯᠠᠵᠤ᠂ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠪᠦᠷᠬᠦᠴᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠲᠦᠭᠦᠬᠡᠶ ᠮᠠᠲ᠋ᠧᠷᠢᠶᠠᠯ ᠤᠨ ᠬᠡᠷᠡᠭᠯᠡᠬᠦ ᠨᠡᠭᠦᠷᠡᠰᠦ ᠶᠢ ᠪᠠᠭᠠᠰᠬᠠᠨ᠎ᠠ᠃ ︵2︶ ᠨᠡᠭᠦᠷᠡᠰᠦ ᠴᠠᠬᠢᠯᠭᠠᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠭᠦᠨ ᠬᠡᠮᠵᠢᠶ᠎ᠡ ᠪᠠᠷ ᠤᠷᠬᠢᠯ ᠢ ᠳᠣᠭᠢᠷᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ ︽ᠢᠯᠴᠢ ᠴᠠᠬᠢᠯᠭᠠᠨ ᠢᠶᠠᠷ ᠵᠠᠳᠠᠯᠬᠤ︾ ᠮᠡᠷᠭᠡᠵᠢᠯ ᠤᠨ ᠥᠭᠡᠷᠡᠴᠢᠯᠡᠯᠲᠡ ᠶᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠰᠠᠭᠤᠷᠢ ᠪᠠᠲᠤᠯᠠᠭ᠎ᠠ ᠶᠢᠨ ᠴᠠᠬᠢᠯᠭᠠᠨ ᠡᠭᠦᠰᠭᠡᠭᠴᠢ ᠠᠴᠠ ᠲᠤᠯᠭᠠᠭᠤᠷᠢᠯᠠᠯ ᠤᠨ ᠤᠷᠬᠢᠯ ᠢ ᠳᠣᠭᠢᠷᠠᠭᠤᠯᠬᠤ ᠴᠠᠬᠢᠯᠭᠠᠨ ᠡᠭᠦᠰᠭᠡᠭᠴᠢ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ 2025 ᠣᠨ ᠪᠣᠯᠬᠤ ᠳᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ ᠺᠢᠯᠣᠸᠠᠲ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ 1176 ᠲᠦᠮᠡᠨ ᠺᠢᠯᠣᠸᠠᠲ ᠪᠡᠶᠡᠯᠡᠭᠦᠯᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠬᠠᠩᠭᠠᠬᠤ ᠨᠡᠭᠦᠷᠡᠰᠦᠨ ᠤ ᠳᠤᠮᠳᠠᠴᠢ ᠬᠤᠷᠣᠭᠳᠠᠯ ᠢ ᠪᠠᠭᠤᠷᠠᠭᠤᠯᠤᠭᠠᠳ 300 ᠭᠷᠠᠮ ᠪᠠᠷᠢᠮᠵᠢᠶᠠᠲᠤ ᠨᠡᠭᠦᠷᠡᠰᠦ / ᠺᠢᠯᠣᠸᠠᠲ ᠴᠠᠭ ᠠᠴᠠ ᠳᠣᠷᠣᠭᠰᠢ ᠪᠣᠯᠭᠠᠨ᠎ᠠ᠃ ︵3︶ ᠰᠠᠯᠬᠢᠨ ᠤ ᠡᠨᠧᠷᠭᠢ ᠨᠡᠷᠡᠨ ᠤ ᠡᠨᠧᠷᠭᠢ ᠨᠡᠭᠦᠷᠡᠰᠦ ᠨᠥᠭᠡᠴᠡᠯᠡᠬᠦ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠵᠦ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠠᠭᠦᠷᠡᠰᠦ ᠴᠢᠯᠠᠭᠤᠨ ᠲᠤᠰᠤᠨ ᠤ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠳᠡᠭᠡᠭᠰᠢᠯᠡᠭᠦᠯᠵᠦ᠂ 2025 ᠣᠨ ᠪᠣᠯᠬᠤ ᠳᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠡᠵᠡᠯᠡᠬᠦ ᠬᠠᠷᠢᠴᠠᠯ ᠢ 40% ᠶᠢ ᠳᠠᠪᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      15. ᠡᠨᠧᠷᠭᠢ ᠶᠢᠨ ᠬᠡᠷᠡᠭᠯᠡᠭᠡᠨ ᠤ ᠴᠠᠬᠢᠯᠭᠠᠨ ᠡᠨᠧᠷᠭᠢᠵᠢᠭᠦᠯᠬᠦ ᠠᠵᠢᠯᠯᠠᠭ᠎ᠠ᠃ ︵1︶ ᠵᠠᠮ  ᠬᠠᠷᠢᠯᠴᠠᠭᠠᠨ ᠤ ᠡᠨᠧᠷᠭᠢ ᠶᠢᠨ ︽ᠴᠠᠬᠢᠯᠭᠠᠨ ᠢᠶᠠᠷ ᠲᠣᠰᠣ ᠶᠢ ᠣᠷᠣᠯᠠᠭᠤᠯᠬᠤ︾ ᠶᠢ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ᠂ ᠴᠠᠬᠢᠯᠭᠠᠨ ᠰᠣᠯᠢᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠣᠰᠣ ᠨᠡᠮᠡᠬᠦ ᠥᠷᠲᠡᠭᠡ᠂ ᠬᠡᠶ ᠨᠡᠮᠡᠬᠦ ᠥᠷᠲᠡᠭᠡ ᠶᠢᠨ ᠴᠠᠬᠢᠯᠭᠠᠨ ᠴᠡᠨᠡᠭᠯᠡᠬᠦ ᠪᠠ ᠴᠠᠬᠢᠯᠭᠠᠨ ᠰᠣᠯᠢᠬᠤ ᠪᠡᠯᠡᠳᠬᠡᠮᠵᠢ ᠶᠢ ᠥᠷᠭᠡᠳᠬᠡᠨ ᠪᠠᠶᠢᠭᠤᠯᠬᠤ ᠶᠢ ᠵᠣᠷᠢᠭᠵᠢᠭᠤᠯᠵᠤ᠂ ᠶᠡᠭᠡ ᠬᠡᠮᠵᠢᠶᠡᠨ ᠤ ᠡᠳ᠋ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠢ ᠬᠡᠷᠡᠭᠵᠢᠭᠦᠯᠦᠨ᠎ᠡ᠃ ︵2︶ ᠦᠢᠯᠡᠳᠪᠦᠷᠢ ᠬᠤᠳᠠᠯᠳᠤᠭ᠎ᠠ ᠶᠢᠨ ᠬᠦᠷᠢᠶᠡᠨ ᠳᠠᠬᠢ ᠲᠠᠬᠢᠨ ᠴᠠᠬᠢᠯᠭᠠᠨᠵᠢᠭᠤᠯᠬᠤ ᠠᠬᠢᠴᠠ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠴᠠᠬᠢᠯᠭᠠᠨ ᠭᠦᠸᠧᠯᠦ᠂ ᠴᠠᠬᠢᠯᠭᠠᠨ ᠨᠢᠭᠲᠠ ᠵᠤᠤᠬ᠎ᠠ᠂ ᠢᠯᠴᠢ ᠶᠢᠨ ᠬᠥᠭᠡᠷᠭᠡ ᠶᠢᠨ ᠬᠡᠷᠡᠭᠯᠡᠯᠲᠡ ᠶᠢ ᠬᠦᠴᠦᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠢᠯᠴᠢ ᠶᠢᠨ ᠠᠴᠢᠶᠠᠲᠤ ᠴᠠᠬᠢᠯᠭᠠᠨ ᠡᠨᠧᠷᠭᠢ ᠶᠢᠨ ᠣᠷᠣᠯᠠᠭᠤᠯᠤᠯᠲᠠ ᠶᠢ ᠳᠡᠯᠭᠡᠷᠡᠭᠦᠯᠵᠦ᠂ ᠢᠳᠡᠭᠡᠨ ᠤᠮᠳᠠᠭᠠᠨ ᠤ ᠬᠦᠷᠢᠶᠡᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠶᠢᠨ ︽ᠴᠠᠬᠢᠯᠭᠠᠨ ᠢᠶᠠᠷ ᠨᠡᠭᠦᠷᠡᠰᠦᠨ ᠬᠡᠢ ᠶᠢᠨ ᠰᠠᠪᠠ ᠶᠢ ᠤᠷᠤᠯᠠᠭᠤᠯᠬᠤ︾ ᠶᠢ ᠥᠷᠨᠢᠭᠦᠯᠵᠦ᠂ ᠬᠡᠰᠡᠭ ᠣᠷᠣᠨ ᠪᠦᠰᠡ ᠳᠤ ᠪᠦᠬᠦ ᠴᠠᠬᠢᠯᠭᠠᠨ ᠤ ᠵᠡᠭᠡᠯᠢ ᠲᠣᠭᠤᠷᠢᠭ ᠢ ᠪᠦᠳᠦᠭᠡᠨ ᠪᠠᠶᠢᠭᠤᠯᠤᠨ᠎ᠠ᠃ ︵3︶ ᠠᠷᠢᠭᠤᠨ ᠴᠡᠪᠡᠷ ᠴᠠᠬᠢᠯᠭᠠᠨ ᠢᠶᠠᠷ ᠳᠤᠯᠠᠭᠠᠯᠠᠬᠤ ᠶᠢ ᠲᠣᠭᠲᠠᠭᠤᠨ ᠢᠶᠠᠷ ᠠᠬᠢᠭᠤᠯᠵᠤ᠂ ᠢᠯᠴᠢ ᠶᠢᠨ ᠬᠦᠴᠦᠨ ᠤ ᠬᠤᠭᠤᠯᠠᠶ ᠶᠢᠨ ᠲᠣᠤᠷ ᠤᠨ ᠪᠦᠷᠬᠦᠵᠦ ᠳᠡᠶᠢᠯᠬᠦ ᠦᠭᠡᠢ ᠬᠠᠭᠤᠴᠢᠨ ᠬᠤᠲᠠ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ ᠲᠤ᠂ ᠲᠠᠷᠬᠠᠢ ᠮᠠᠶ᠋ᠢᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠳᠤᠯᠠᠭᠠᠯᠠᠭ᠎ᠠ ᠶᠢ ᠳᠡᠯᠭᠡᠷᠡᠭᠦᠯᠦᠨ᠎ᠡ︔ ᠲᠣᠮᠣ ᠬᠡᠯᠪᠡᠷᠢ ᠶᠢᠨ ᠠᠯᠪᠠᠨ ᠠᠵᠢᠯ ᠤᠨ ᠪᠠᠷᠢᠯᠭ᠎ᠠ ᠳᠤ ᠢᠯᠴᠢ ᠶᠢᠨ ᠬᠥᠭᠡᠷᠭᠡ᠂ ᠴᠠᠬᠢᠯᠭᠠᠨ ᠭᠦᠸᠧᠯᠦ᠂ ᠨᠡᠷᠡᠨ ᠡᠨᠧᠷᠭᠢ ᠶᠢᠨ ᠳᠤᠯᠠᠭᠠᠯᠠᠭ᠎ᠠ ᠶᠢ ᠳᠡᠯᠭᠡᠷᠡᠭᠦᠯᠦᠨ ᠬᠡᠷᠡᠭᠯᠡᠨ᠎ᠡ︔ ᠬᠥᠳᠡᠭᠡ ᠲᠣᠰᠬᠤᠨ ᠤ ᠴᠠᠬᠢᠯᠭᠠᠨ ᠢᠶᠠᠷ ᠳᠤᠯᠠᠭᠠᠯᠠᠬᠤ ᠶᠢ ᠣᠷᠣᠯᠠᠭᠤᠯᠬᠤ ᠶᠢ ᠲᠦᠷᠭᠡᠳᠬᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨᠵᠢᠭᠤᠯᠤᠯᠲᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠮᠠᠷᠠᠲᠤ ᠶᠢᠨ ᠠᠷᠢᠭᠤᠨ ᠴᠡᠪᠡᠷ ᠢᠶᠠᠷ ᠳᠤᠯᠠᠭᠠᠯᠠᠬᠤ ᠵᠢᠱᠢᠶ᠎ᠡ ᠦᠵᠡᠭᠦᠯᠬᠦ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠤᠨ᠎ᠠ᠃ ︵ᠬᠠᠷᠢᠭᠤᠴᠠᠬᠤ ᠨᠢᠭᠡᠴᠡ ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶      ︵ᠲᠥᠷᠪᠡ︶ ᠡᠨᠧᠷᠭᠢ ᠶᠢᠨ ᠬᠤᠷᠤᠭᠳᠠᠯ ᠤᠨ ᠬᠤᠣᠰ ᠡᠵᠡᠮᠰᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ      ᠭᠤᠤᠯ ᠡᠭᠦᠷᠭᠡ᠄ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠳᠠᠯᠠᠵᠤ᠂ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠦᠨᠡᠯᠡᠵᠦ ᠰᠢᠯᠭᠠᠨ ᠬᠢᠨᠠᠵᠤ᠂ ᠡᠨᠧᠷᠭᠢ ᠶᠢᠨ ᠬᠤᠷᠤᠭᠳᠠᠯ  ᠤᠨ ᠬᠤᠤᠰ ᠡᠵᠡᠮᠳᠡᠯ ᠤᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ᠠᠵᠢᠯ ᠤᠨ ᠠᠷᠭ᠎ᠠ ᠬᠡᠮᠵᠢᠶ᠎ᠡ᠄      16. ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠳᠠᠯᠠᠨ᠎ᠠ᠃ ︵1︶ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠨᠧᠷᠭᠢ ᠶᠢᠨ ᠬᠤᠷᠤᠭᠳᠠᠯ  ᠤᠨ ᠬᠦᠴᠦᠯᠡᠴᠡ ᠶᠢᠨ ᠬᠡᠪ ᠳᠠᠭᠤᠷᠢᠶᠠᠯ ᠤᠨ ᠲᠦᠷᠢᠮ ᠢ ᠬᠡᠷᠡᠭᠵᠢᠭᠦᠯᠵᠦ᠂ ︽ᠬᠤᠶᠠᠷ ᠶᠡᠬᠡᠲᠡᠢ︾ ᠲᠥᠷᠥᠯ ᠵᠦᠢᠯ ᠳᠤ ︽ᠬᠤᠤᠰ ᠬᠡᠪ ᠳᠠᠭᠤᠷᠢᠶᠠᠯ︾ ᠤᠨ ᠲᠦᠷᠢᠮ᠂ ︽ᠬᠤᠶᠠᠷ ᠲᠡᠷᠢᠭᠦᠨ︾ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︵2︶ ᠬᠢᠨᠠᠬᠤ ᠠᠴᠠ ᠡᠮᠦᠨᠡᠬᠢ ᠦᠨᠡᠯᠡᠨ ᠵᠢᠱᠢᠬᠦ ᠲᠦᠷᠢᠮ ᠢ ᠪᠠᠶᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠲᠥᠯᠥᠪᠵᠢᠭᠦᠯᠭᠡ᠂ ᠠᠵᠤ  ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠰᠢᠨ᠎ᠡ ᠪᠠᠷ ᠪᠠᠶᠢᠭᠤᠯᠬᠤ ᠲᠥᠷᠥᠯ  ᠵᠦᠢᠯ ᠤᠨ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠶᠢ ᠴᠢᠩᠭᠠᠷᠠᠭᠤᠯᠤᠨ᠂ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠶ ᠬᠠᠷᠠᠯᠲᠠ ᠶᠢᠨ ᠵᠠᠯᠭᠠᠯᠲᠠ ᠶᠢ ᠰᠠᠶᠢᠲᠤᠷ ᠬᠢᠨ᠎ᠠ᠃ ︵3︶ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠪᠠᠶᠢᠳᠠᠯ ᠬᠦᠨᠳᠦ ᠨᠣᠴᠢᠲᠠᠶ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠬᠠᠷᠠᠯᠲᠠ ᠶᠢ ᠪᠡᠶᠡᠯᠡᠭᠦᠯᠬᠦ ᠠᠬᠢᠴᠠ ᠬᠦᠨᠳᠦ ᠨᠣᠴᠢᠲᠠᠶ ᠬᠤᠴᠤᠷᠴᠤ ᠪᠠᠶᠢᠭ᠎ᠠ ᠭᠠᠵᠠᠷ ᠣᠷᠣᠨ ᠳᠤ ᠰᠢᠨ᠎ᠡ ᠪᠠᠷ ᠪᠠᠶᠢᠭᠤᠯᠬᠤ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠬᠤᠶᠢᠰᠢᠯᠠᠭᠤᠯᠤᠨ ᠵᠥᠪᠰᠢᠶᠡᠷᠡᠬᠦ ᠬᠢᠵᠠᠭᠠᠷᠯᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃ ︵4︶ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠤᠷᠰᠢᠯᠲᠠ ᠶᠢ ᠥᠷᠨᠢᠭᠦᠯᠵᠦ᠂ ᠲᠦᠷᠦᠯ ᠵᠦᠢᠯ ᠤᠨ ᠡᠨᠧᠷᠭᠢ ᠠᠷᠪᠢᠯᠠᠬᠤ ᠶᠢ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      17. ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠎ᠠ᠃ ︵1︶ ᠡᠨᠧᠷᠭᠢ ᠶᠢᠨ ᠬᠦᠴᠦᠨ ᠵᠦᠢᠯ ᠢ ᠵᠦᠢ ᠵᠣᠬᠢᠰᠲᠠᠶ ᠲᠤᠬᠢᠷᠠᠭᠤᠯᠤᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠭ ᠣᠷᠣᠨ ᠤ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠦᠨᠳᠦᠰᠦᠯᠡᠨ᠂ ᠡᠯ᠎ᠡ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠦᠴᠦᠯᠡᠴᠡ ᠶᠢᠨ ᠬᠠᠷᠠᠯᠲᠠ ᠶᠢᠨ ᠡᠭᠦᠷᠭᠡ ᠶᠢ ᠵᠦᠢ ᠵᠣᠬᠢᠰᠲᠠᠶ ᠬᠤᠪᠢᠶᠠᠷᠢᠯᠠᠨ ᠪᠠᠭᠤᠯᠭᠠᠨ᠎ᠠ᠃ ︵2︶ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠨᠢ ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ ᠪᠠᠶᠢᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠨᠢ ᠵᠢᠱᠢᠭᠰᠡᠨ ᠬᠠᠷᠠᠯᠲᠠ ᠠᠴᠠ ᠳᠠᠪᠠᠭᠰᠠᠨ ᠭᠠᠵᠠᠷ ᠣᠷᠣᠨ ᠨᠢ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶᠡᠨ ᠤ ᠬᠠᠷᠠᠯᠲᠠ ᠪᠠᠨ ᠵᠤᠬᠢᠴᠠᠩᠭᠤᠢ ᠪᠠᠷ ᠲᠤᠬᠢᠷᠠᠭᠤᠯᠵᠤ ᠪᠤᠯᠤᠨ᠎ᠠ᠃ ︵3︶ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢ ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠭᠠᠵᠠᠷ ᠣᠷᠣᠨ ᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠨᠠᠨ ᠰᠢᠯᠭᠠᠬᠤ ᠠᠴᠠ ᠭᠡᠯᠳᠦᠷᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      18. ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ︽ᠰᠠᠷ᠎ᠠ ᠶᠢᠨ ᠬᠢᠨᠠᠨ ᠬᠡᠮᠵᠢᠯᠲᠡ᠂ ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ ᠰᠤᠳᠤᠯᠤᠨ ᠮᠠᠭᠠᠳᠯᠠᠯᠲᠠ︾ ᠶᠢ ᠬᠡᠷᠡᠭᠵᠢᠭᠦᠯᠵᠦ᠂ ᠪᠥᠬᠦ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠪᠠᠶᠢᠳᠠᠯ ᠤᠨ ᠰᠠᠷ᠎ᠠ ᠶᠢᠨ ᠬᠢᠨᠠᠨ ᠬᠡᠮᠵᠢᠯᠲᠡ ᠪᠠ ᠬᠠᠭᠠᠰ ᠵᠢᠯ ᠤᠨ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ︽ᠬᠦᠭᠵᠢᠶᠡᠨ ᠦᠭᠡᠢ ᠤᠯᠠᠷᠢᠯ  ᠬᠦᠭᠵᠢᠶᠡᠨᠲᠡᠢ ᠤᠯᠠᠷᠢᠯ︾᠂ ᠡᠨᠧᠷᠭᠢ ᠬᠡᠷᠡᠭᠯᠡᠬᠦ ︽ᠣᠷᠭᠢᠯ ᠬᠦᠨᠳᠡᠢ ᠤᠯᠠᠷᠢᠯ︾ ᠢ ᠭᠦᠢᠴᠡᠳ ᠪᠣᠳᠣᠯᠬᠢᠯᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠠᠮᠢᠳᠤᠯᠢᠭ ᠴᠢᠨᠠᠷ ᠢ ᠴᠢᠩᠭᠠᠷᠠᠭᠤᠯᠵᠤ᠂ ᠤᠯᠠᠷᠢᠯ ᠤᠨ ᠡᠨᠧᠷᠭᠢ ᠶᠢᠨ ᠬᠤᠷᠤᠭᠳᠠᠯ ᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠡᠨᠧᠷᠭᠢ ᠶᠢᠨ ᠬᠤᠷᠤᠭᠳᠠᠯ ᠤᠨ ᠨᠡᠮᠡᠭᠳᠡᠯ ᠤᠨ ᠬᠤᠷᠳᠤᠴᠠ ᠨᠢ ᠪᠠᠷᠢᠮᠵᠢᠶ᠎ᠡ ᠬᠠᠷᠠᠯᠲᠠ ᠠᠴᠠ ᠬᠡᠲᠦᠷᠡᠭᠰᠡᠨ ᠭᠠᠵᠠᠷ ᠣᠷᠣᠨ ᠢ ᠰᠠᠨᠠᠭᠤᠯᠤᠨ ᠰᠡᠷᠡᠮᠵᠢᠯᠡᠭᠦᠯᠵᠦ᠂ ᠥᠨᠳᠥᠷ ᠰᠡᠷᠡᠮᠵᠢᠯᠡᠭᠦᠯᠬᠦ ᠲᠠᠰ ᠤᠨ ᠭᠠᠵᠠᠷ ᠣᠷᠣᠨ ᠢ ᠴᠤᠩᠬᠤᠪᠴᠢ ᠪᠠᠷ ᠵᠢᠯᠣᠭᠤᠳᠬᠤ ᠶᠢ ᠴᠢᠩᠭᠠᠳᠬᠠᠨ᠎ᠠ᠃ ︵  ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠲᠤᠭ᠎ᠠ ᠪᠠᠷᠢᠮᠲᠠ ᠬᠠᠩᠭᠠᠬᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ︶       19. ᠰᠢᠨᠵᠢᠯᠡᠬᠦ ᠤᠬᠠᠭᠠᠨᠴᠢ ᠪᠠᠷ ᠦᠨᠡᠯᠡᠵᠦ ᠬᠢᠨᠠᠨ ᠰᠢᠯᠭᠠᠨ᠎ᠠ᠃ ︵1︶ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠵᠦ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠯᠲᠡ᠂ ᠲᠠᠪᠤᠨ ᠵᠢᠯ ᠤᠨ ᠬᠢᠨᠠᠨ ᠰᠢᠯᠭᠠᠯᠲᠠ︾ ᠶᠢ ᠬᠡᠷᠡᠭᠵᠢᠭᠦᠯᠦᠨ᠂ ᠠᠵᠤ ᠠᠬᠤᠶ ᠶᠢᠨ ᠠᠵᠢᠯᠯᠠᠭᠠᠨ ᠤ ᠦᠶᠡᠯᠡᠯ ᠤᠨ ᠬᠤᠭᠤᠴᠠᠭ᠎ᠠ ᠠᠯᠤᠰᠯᠠᠭᠰᠠᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠦᠨᠡᠯᠡᠵᠦ ᠬᠢᠨᠠᠨ ᠰᠢᠯᠭᠠᠬᠤ ᠤᠳᠠᠭ᠎ᠠ ᠶᠢ ᠰᠢᠯᠢᠳᠡᠭᠵᠢᠭᠦᠯᠦᠨ ᠂ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ᠎ᠡ᠃ ︵2︶ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠶᠢ ᠴᠢᠩᠭᠠᠷᠠᠭᠤᠯᠵᠤ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠦᠨᠳᠦᠰᠦᠨ ᠬᠠᠷᠠᠯᠲᠠ ᠶᠢ ᠪᠡᠶᠡᠯᠡᠭᠦᠯᠦᠭᠡᠳᠦᠶ ᠬᠤᠰᠢᠭᠤ ᠰᠢᠶᠠᠨ ᠲᠣᠭᠤᠷᠢᠭ ᠤᠨ ᠰᠢᠯᠭᠠᠨ ᠬᠢᠨᠠᠭᠰᠠᠨ ᠦᠷ᠎ᠡ ᠳ᠋ᠦᠩ ᠢ ᠪᠡᠶᠡᠯᠡᠭᠦᠯᠦᠭᠡᠳᠦᠶ ᠵᠡᠷᠭᠡ ᠳᠡᠰ ᠢᠶᠠᠷ ᠲᠣᠭᠲᠠᠭᠠᠨ᠎ᠠ︔ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠬᠤᠪᠢ ᠶᠢᠨ ᠵᠢᠩ ᠢ ᠵᠦᠶ ᠵᠣᠬᠢᠰᠲᠠᠶ ᠪᠠᠶᠢᠷᠢᠯᠠᠭᠤᠯᠵᠤ᠂ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶᠡᠨ ᠤ ᠡᠵᠡᠮᠰᠢᠯ ᠤᠨ ᠬᠠᠷᠢᠮᠠᠬᠠᠶ ᠴᠢᠨᠠᠷ ᠤᠨ ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ᠃ ︵3︶ ᠡᠨᠧᠷᠭᠢ ᠶᠢᠨ ᠬᠤᠷᠤᠭᠳᠠᠯ ᠤᠨ ᠭᠦᠢᠴᠡᠳᠭᠡᠯ ᠲᠤᠭ᠎ᠠ ᠶᠢ ᠠᠰ ᠲᠤᠨᠢ ᠵᠢᠭᠰᠠᠭᠠᠬᠤ ᠬᠡᠪᠴᠢᠶᠡᠨ ᠳᠤ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠭᠰᠡᠨ ᠬᠡᠰᠡᠭ ᠢ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠰᠢᠯᠭᠠᠨ ᠬᠢᠨᠠᠬᠤ ᠠᠴᠠ ᠬᠠᠰᠤᠵᠤ᠂ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠶᠢᠨ ᠰᠢᠯᠭᠠᠨ ᠬᠢᠨᠠᠬᠤ ᠳᠤ ᠣᠷᠣᠭᠤᠯᠬᠤ ᠥᠬᠡᠶ᠂ ᠲᠦᠭᠦᠬᠡᠶ ᠮᠠᠲ᠋ᠧᠷᠢᠶᠠᠯ ᠤᠨ ᠡᠨᠧᠷᠭᠢ ᠬᠡᠷᠡᠭᠯᠡᠬᠦ ᠶᠢ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠰᠢᠯᠭᠠᠨ ᠬᠢᠨᠠᠬᠤ ᠳᠤ ᠣᠷᠣᠭᠤᠯᠬᠤ ᠥᠬᠡᠶ᠃ ︵ᠬᠠᠷᠢᠭᠤᠴᠠᠬᠤ ᠨᠢᠭᠡᠴᠡ᠄ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠲᠤᠭ᠎ᠠ ᠪᠠᠷᠢᠮᠲᠠ ᠬᠠᠩᠭᠠᠬᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ︶      ︵ᠲᠠᠪᠤ︶ ᠡᠨᠧᠷᠭᠢ ᠠᠷᠪᠢᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ      ᠭᠤᠤᠯ ᠡᠭᠦᠷᠭᠡ᠄ ᠡᠨᠧᠷᠭᠢ ᠶᠢᠨ ᠬᠡᠷᠡᠭᠯᠡᠭᠡᠨ ᠤ ᠲᠥᠰᠦᠪ ᠤᠨ ᠬᠠᠮᠢᠶᠠᠷᠤᠯᠲᠠ ᠶᠢ   ᠬᠡᠷᠡᠭᠵᠢᠭᠦᠯᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ ᠬᠡᠷᠡᠭᠵᠢᠭᠦᠯᠦᠨ᠂ ᠡᠨᠧᠷᠭᠢ ᠬᠡᠷᠡᠭᠯᠡᠬᠦ ᠡᠷᠬᠡ ᠶᠢ ᠲᠥᠯᠥᠪᠦᠷᠢ ᠲᠠᠢ ᠬᠡᠷᠡᠭᠯᠡᠬᠦ ᠶᠢ ᠲᠤᠷᠰᠢᠨ ᠠᠬᠢᠭᠤᠯᠵᠤ᠂ ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠨᠧᠷᠭᠢ ᠠᠷᠪᠢᠯᠠᠬᠤ ᠠᠵᠢᠯ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠨ᠎ᠠ᠃      ᠠᠵᠢᠯ ᠤᠨ ᠠᠷᠭ᠎ᠠ ᠬᠡᠮᠵᠢᠶ᠎ᠡ᠄      20. ᠡᠨᠧᠷᠭᠢ ᠶᠢᠨ ᠬᠡᠷᠡᠭᠯᠡᠭᠡᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵1︶ ᠬᠤᠲᠠ᠂ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ᠂ ᠰᠢᠨ᠎ᠡ ᠲᠣᠭᠤᠷᠢᠭ︶ ᠤᠨ ᠬᠤᠶᠠᠷ ᠱᠠᠲᠤᠨ ᠤ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠲᠥᠰᠦᠪ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠠᠷᠤᠵᠤ ᠪᠤᠴᠠᠭᠠᠨ ᠭᠠᠷᠭᠠᠬᠤ ᠡᠨᠧᠷᠭᠢ ᠬᠡᠷᠡᠭᠯᠡᠬᠦ  ᠭᠦᠢᠴᠡᠳᠭᠡᠯ ᠲᠤᠭ᠎ᠠ ᠶᠢ ᠲᠥᠰᠦᠪ ᠤᠨ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠬᠤᠲᠠ ᠶᠢᠨ ᠱᠠᠲᠤᠨ ᠠᠴᠠ ᠨᠢᠭᠡᠳᠦᠯᠲᠡᠶ ᠲᠦᠯᠦᠪᠵᠢᠭᠦᠯᠦᠨ᠎ᠡ᠃ ︵2︶ ᠲᠠᠪᠤᠨ ᠵᠢᠯ ᠤᠨ ᠡᠨᠧᠷᠭᠢ ᠶᠢᠨ ᠬᠤᠷᠤᠭᠳᠠᠯ ᠤᠨ ᠲᠥᠰᠦᠪ ᠤᠨ ᠬᠠᠮᠢᠶᠠᠷᠤᠯᠲᠠ ᠶᠢᠨ ᠲᠥᠰᠦᠯ ᠪᠠ ᠣᠨ ᠤ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠲᠥᠰᠦᠯ ᠢ ᠱᠠᠳᠤ ᠬᠤᠪᠢᠶᠠᠨ ᠨᠠᠶᠢᠷᠠᠭᠤᠯᠤᠨ ᠵᠣᠬᠢᠶᠠᠵᠤ᠂ ᠡᠨᠧᠷᠭᠢ ᠬᠡᠷᠡᠭᠯᠡᠬᠦ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠡᠨᠧᠷᠭᠢ ᠶᠢᠨ  ᠬᠦᠴᠦᠨ ᠵᠦᠢᠯ ᠢᠶᠠᠷ ᠤᠷᠢᠳᠠᠪᠠᠷ ᠰᠠᠭᠤᠭᠠᠯᠢ ᠠᠷᠠᠳ ᠤᠨ ᠠᠮᠢᠳᠤᠷᠠᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ ᠪᠠ ᠲᠡᠷᠢᠭᠦᠨ ᠤ ᠦᠢᠯᠡᠳᠬᠦ ᠦᠢᠯᠡᠰ ᠢ ᠪᠠᠲᠤᠯᠠᠨ᠎ᠠ᠃ ︵3︶ ᠲᠥᠰᠦᠪ ᠤᠨ ᠭᠦᠢᠴᠡᠳᠭᠡᠯ ᠲᠤᠭ᠎ᠠ ᠶᠢ ᠵᠦᠷᠢᠶᠡᠵᠢᠬᠦᠯᠦᠨ ᠳᠣᠭᠢᠷᠠᠭᠤᠯᠬᠤ ᠶᠢ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠢ ᠨᠢᠭᠡᠨᠲᠡ ᠣᠯᠤᠭᠰᠠᠨ ᠪᠥᠭᠡᠳ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠡᠨᠧᠷᠭᠢ ᠶᠢᠨ ᠬᠤᠷᠤᠭᠳᠠᠯ ᠤᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠎ᠠ︔ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠳᠤ ᠡᠨᠧᠷᠭᠢ ᠶᠢᠨ ᠬᠤᠷᠤᠭᠳᠠᠯ ᠤᠨ ᠬᠡᠪᠴᠢᠶ᠎ᠡ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ᠂ ᠡᠨᠧᠷᠭᠢ ᠶᠢᠨ ᠬᠤᠷᠤᠭᠳᠠᠯ ᠤᠨ ᠭᠠᠷᠭᠠᠯᠲᠠ ᠶᠢᠨ ᠦᠷ᠎ᠡ ᠠᠰᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠡᠨᠧᠷᠭᠢ ᠶᠢᠨ ᠬᠤᠷᠤᠭᠳᠠᠯ ᠢ ᠬᠢᠨᠠᠨ ᠪᠠᠶᠢᠴᠠᠭᠠᠵᠤ ᠵᠢᠭᠰᠠᠭᠠᠨ᠂ ᠴᠢᠨᠠᠷ ᠰᠠᠶᠢᠲᠠᠶ ᠲᠦᠷᠦᠯ ᠵᠦᠢᠯ ᠤᠨ ᠡᠨᠧᠷᠭᠢ ᠬᠡᠷᠡᠭᠯᠡᠬᠦ ᠶᠢ ᠪᠠᠲᠤᠯᠠᠵᠤ᠂ ᠨᠢᠭᠡᠨᠲᠡ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠢᠴᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠤᠷᠢᠳᠠᠪᠠᠷ ᠰᠢᠢᠳᠪᠦᠷᠢᠯᠡᠨ᠎ᠡ᠃ ︵4︶  ᠬᠦᠴᠦᠯᠡᠴᠡ ᠶᠢᠨ ᠬᠠᠷᠠᠯᠲᠠ ᠶᠢᠨ ᠲᠥᠰᠦᠪ ᠤᠨ ᠲᠡᠩᠴᠡᠭᠦᠷᠢ ᠲᠠᠢ ᠪᠠᠶᠢᠯᠭᠠᠵᠤ᠂ ᠶᠡᠷᠦᠩᠬᠡᠶ ᠬᠡᠮᠵᠢᠶ᠎ᠡ ᠶᠢᠨ ᠬᠠᠷᠠᠯᠲᠠ ᠶᠢ ᠬᠢᠵᠠᠭᠠᠷᠯᠠᠬᠤ ᠶᠢᠨ ᠵᠡᠷᠭᠡᠴᠡᠭᠡᠪᠡᠷ ᠨᠢᠭᠡᠴᠡ GDP ᠶᠢᠨ ᠡᠨᠧᠷᠭᠢ ᠶᠢᠨ ᠬᠤᠷᠤᠭᠳᠠᠯ ᠢ ᠪᠠᠭᠠᠰᠬᠠᠬᠤ ᠪᠠ ᠡᠨᠧᠷᠭᠢ ᠬᠤᠷᠤᠭᠠᠬᠤ ᠶᠡᠭᠡ ᠠᠵᠢᠯ ᠲᠦᠷᠦᠯ ᠤᠨ  ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠡᠨᠧᠷᠭᠢ ᠶᠢᠨ ᠬᠤᠷᠤᠭᠳᠠᠯ ᠢ ᠪᠠᠭᠠᠰᠬᠠᠬᠤ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠎ᠠ᠃ ︵  ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      21. ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ ᠬᠡᠷᠡᠭᠵᠢᠭᠦᠯᠦᠨ᠎ᠡ᠃ ︽1︶ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠲᠦᠷᠢᠮ ᠢ ᠪᠠᠶᠢᠭᠤᠯᠵᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ᠂ ᠪᠣᠬᠢᠷᠲᠤᠯ ᠢ ᠭᠠᠳᠠᠭᠰᠢᠯᠠᠭᠤᠯᠬᠤ ᠵᠡᠷᠭᠡ ᠨᠢᠭᠡᠴᠢ ᠡᠬᠢ ᠪᠠᠶᠠᠯᠢᠭ ᠤᠨ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠯᠮᠦᠷᠢ ᠶᠢᠨ ᠦᠷ᠎ᠡ ᠪᠦᠲᠦᠮᠵᠢ ᠵᠡᠷᠭᠡ ᠰᠢᠨ᠎ᠡ ᠶᠢ ᠡᠭᠦᠳᠬᠦ ᠬᠦᠴᠦᠨ ᠵᠦᠢᠯ ᠤᠨ ᠭᠠᠷᠭᠠᠯᠲᠠ ᠶᠢᠨ ᠨᠤᠷᠮ᠎ᠠ ᠪᠠᠷ ᠭᠤᠣᠯ ᠠᠭᠤᠯᠭ᠎ᠠ ᠪᠣᠯᠭᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠨ᠎ᠡ᠃ ︵2︶ ᠵᠦᠷᠢᠶᠡᠵᠢᠬᠦᠯᠦᠭᠰᠡᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠬᠦᠴᠦᠨ ᠵᠦᠢᠯ ᠢ ᠵᠦᠷᠢᠶᠡᠵᠢᠬᠦᠯᠦᠨ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ᠂ ᠮᠡᠷᠭᠡᠵᠢᠯ ᠤᠨ ᠥᠭᠡᠷᠡᠴᠢᠯᠡᠯᠲᠡ᠂ ᠭᠠᠵᠠᠷ ᠰᠢᠷᠣᠶ ᠶᠢᠨ ᠬᠠᠩᠭᠠᠯᠭ᠎ᠠ᠂ ᠴᠠᠬᠢᠯᠭᠠᠨ ᠤ ᠦᠨ᠎ᠡ᠂ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠶᠢᠨ ᠵᠦᠷᠢᠶᠡᠵᠢᠬᠦᠯᠦᠭᠰᠡᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠵᠦᠶ ᠵᠣᠬᠢᠰᠲᠠᠶ ᠲᠣᠬᠢᠷᠠᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ ︵3︶ ᠤᠷᠤᠨ ᠵᠠᠢ ᠪᠠᠨ ᠶᠡᠬᠡᠰᠭᠡᠵᠦ ᠵᠠᠰᠠᠬᠤ ᠡᠷᠴᠢᠮ ᠢᠶᠠᠨ ᠰᠢᠯᠢᠳᠡᠭᠵᠢᠭᠦᠯᠦᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠᠷ ᠥᠨᠳᠥᠷ ᠭᠠᠵᠠᠷ ᠣᠷᠣᠨ᠂ ᠠᠵᠢᠯ ᠲᠦᠷᠦᠯ ᠪᠠ ᠠᠵᠤ ᠠᠬᠤᠶᠢᠯᠠᠯ ᠳᠤ ᠡᠬᠢ ᠪᠠᠶᠠᠯᠢᠭ ᠢ ᠥᠨᠳᠥᠷ ᠪᠦᠲᠦᠮᠵᠢᠲᠡᠶ ᠰᠠᠶᠢᠨ ᠲᠤᠬᠢᠷᠠᠭᠤᠯᠬᠤ ᠶᠢ ᠬᠦᠲᠦᠯᠦᠨ ᠵᠢᠯᠤᠭᠤᠳᠴᠤ᠂ ᠬᠥᠭᠵᠢᠯᠲᠡ ᠶᠢᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ ᠂ ᠡᠬᠢ ᠪᠠᠶᠠᠯᠢᠭ ᠢ ᠳᠣᠣᠷ᠎ᠠ ᠪᠦᠲᠦᠮᠵᠢᠲᠡᠶ ᠪᠠᠷ ᠠᠰᠢᠭᠯᠠᠵᠤ ᠪᠠᠶᠢᠭ᠎ᠠ ᠬᠠᠷᠢᠴᠠᠩᠭᠤᠶ ᠪᠠᠷ ᠲᠥᠪᠯᠡᠷᠡᠭᠰᠡᠨ ᠬᠡᠰᠡᠭ ᠣᠷᠣᠨ ᠳᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠴᠢᠩᠭᠠᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ︶      22.ᠡᠨᠧᠷᠭᠢ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠶᠢ ᠲᠤᠷᠰᠢᠨ  ᠬᠡᠷᠡᠭᠵᠢᠭᠦᠯᠦᠨ᠎ᠡ᠃ ︵1︶ ᠡᠨᠧᠷᠭᠢ ᠶᠢᠨ ᠠᠰᠢᠭᠯᠠᠮᠵᠢ ᠶᠢᠨ ᠮᠡᠷᠭᠡᠵᠢᠯ ᠤᠨ ᠪᠠᠷᠢᠮᠵᠢᠶ᠎ᠠ ᠳᠤ ᠰᠠᠭᠤᠷᠢᠯᠠᠭᠰᠠᠨ ᠡᠨᠧᠷᠭᠢ ᠠᠷᠪᠢᠯᠠᠬᠤ᠂ ᠡᠨᠧᠷᠭᠢ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ᠂ ᠡᠮᠬᠢ ᠵᠢᠷᠤᠮ ᠲᠠᠢ ᠪᠠᠶᠢᠯᠭᠠᠵᠤ᠂ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃  ︵2︶ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠯᠵᠢᠶ᠎ᠠ ᠶᠢᠨ ᠠᠵᠢᠯᠯᠠᠭ᠎ᠠ ᠳᠤ ᠬᠡᠷᠡᠭᠰᠡᠬᠦ ᠳᠡᠩᠰᠡᠯᠡᠨ ᠲᠡᠮᠳᠡᠭᠯᠡᠬᠦ᠂ ᠠᠷᠠᠯᠵᠢᠶᠠᠯᠠᠬᠤ ᠪᠠ ᠳ᠋ᠦᠩᠨᠡᠨ ᠪᠤᠳᠤᠬᠤ ᠰᠢᠰᠲ᠋ᠧᠮ ᠪᠠ ᠵᠥᠭᠡᠯᠡᠨ ᠬᠠᠲᠠᠭᠤ ᠲᠣᠨᠤᠭ ᠤᠨ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠷᠠᠯᠵᠢᠶ᠎ᠠ ᠶᠢᠨ ᠠᠵᠢᠯᠯᠠᠭ᠎ᠠ ᠶᠢᠨ  ᠠᠶᠤᠯᠭᠦᠢ᠂ ᠨᠠᠶᠢᠳᠠᠪᠤᠷᠢᠲᠠᠶ᠂ ᠳᠥᠭᠦᠮ ᠳᠥᠲᠡ ᠪᠠᠶᠢᠬᠤ ᠶᠢ ᠦᠨᠡᠨᠬᠦ ᠪᠠᠲᠤᠯᠠᠨ᠎ᠠ᠃ ︵3︶ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠴᠤᠭᠴᠠᠯᠠᠨ ᠪᠠᠶᠢᠭᠤᠯᠵᠤ᠂ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠲᠠᠪᠴᠠᠩ ᠢ ᠨᠢᠭᠡᠳᠦᠯᠲᠡᠶ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠤᠳᠤᠯᠵᠤ᠂ ᠡᠨᠧᠷᠭᠢ ᠬᠡᠷᠡᠭᠯᠡᠬᠦ ᠡᠷᠬᠡ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ︵  ᠬᠠᠷᠢᠭᠤᠴᠠᠬᠤ ᠨᠢᠭᠡᠴᠡ ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      23. ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵1︶ ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠠᠷᠪᠢᠯᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠡᠮᠬᠢᠯᠡᠬᠦ ᠶᠢ ᠲᠦᠷᠭᠡᠳᠬᠡᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ ᠡᠨᠧᠷᠭᠢ ᠠᠷᠪᠢᠯᠠᠬᠤ ᠢᠲᠡᠭᠡᠮᠵᠢ ᠶᠢᠨ ᠲᠡᠰ ᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶᠂ ᠢᠲᠡᠭᠡᠮᠵᠢᠲᠦ · ᠬᠥᠬᠡᠬᠤᠲᠠ ᠵᠡᠷᠭᠡ ᠲᠠᠪᠴᠠᠩ ᠳᠤ ᠲᠦᠰᠢᠭᠯᠡᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ︵2︶ ᠡᠨᠧᠷᠭᠢ ᠠᠷᠪᠢᠯᠠᠬᠤ ᠢᠲᠡᠭᠡᠯ ᠢᠶᠠᠨ ᠠᠯᠳᠠᠭᠰᠠᠨ ᠵᠡᠷᠭᠡ ᠳᠡᠰ ᠢ ᠦᠨᠡᠮᠰᠢᠬᠦ ᠶᠢ ᠬᠠᠤᠯᠢ ᠶᠣᠰᠣᠭᠠᠷ ᠥᠷᠨᠢᠭᠦᠯᠵᠦ᠂ ᠡᠨᠧᠷᠭᠢ ᠠᠷᠪᠢᠯᠠᠬᠤ ᠬᠦᠷᠢᠶᠡᠨ ᠤ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠬᠦᠴᠦᠯᠡᠴᠡ ᠶᠢ ᠨᠡᠮᠡᠭᠳᠡᠭᠦᠯᠦᠨ᠎ᠡ᠃ ︵3︶ ᠡᠨᠧᠷᠭᠢ ᠠᠷᠪᠢᠯᠠᠬᠤ ᠶᠢ ᠬᠤᠯᠪᠣᠭᠠᠯᠠᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠡᠨᠧᠷᠭᠢ ᠠᠷᠪᠢᠯᠠᠬᠤ ᠬᠦᠷᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠠᠬᠢᠭᠤᠯᠤᠨ᠂ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠ ᠤᠷᠮᠠᠰᠢᠭᠤᠯᠬᠤ ᠶᠢ ᠬᠡᠷᠡᠭᠵᠢᠭᠦᠯᠵᠦ᠂ ᠢᠲᠡᠭᠡᠮᠵᠢ ᠶᠢ ᠰᠡᠷᠭᠦᠭᠡᠬᠦ ᠪᠠ ᠣᠨᠳᠣᠤ ᠰᠠᠨᠠᠯ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠡᠨᠧᠷᠭᠢ ᠬᠡᠷᠡᠭᠯᠡᠵᠦ ᠢᠲᠡᠭᠡᠯ ᠠᠯᠳᠠᠭᠰᠠᠨ ᠨᠢᠭᠡᠴᠡ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠠᠷᠪᠢᠯᠠᠬᠤ ᠢᠲᠡᠭᠡᠮᠵᠢ ᠬᠢᠭᠡᠳ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠬᠠᠶᠢᠨ ᠰᠦᠪᠡᠭᠴᠢᠯᠡᠵᠦ᠂ ᠡᠨᠧᠷᠭᠢ ᠠᠷᠪᠢᠯᠠᠵᠤ ᠥᠪᠡᠷ ᠢ ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      24. ᠬᠠᠷᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︵1︶ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠠᠵᠢᠯ ᠤᠨ ᠲᠣᠭᠲᠠᠴᠠ ᠶᠢ ᠪᠤᠢ ᠪᠣᠯᠭᠠᠨ᠎ᠠ᠃ ︵2︶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠦᠬᠦ ᠬᠤᠲᠠ ᠶᠢᠨ ᠡᠨᠧᠷᠭᠢ ᠠᠷᠪᠢᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡ ᠬᠠᠷᠠᠯᠲᠠ  ᠶᠢ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠤᠪᠢᠶᠠᠷᠢᠯᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠠᠵᠢᠯ ᠲᠥᠷᠥᠯ᠂ ᠲᠣᠰ ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠡᠨᠧᠷᠭᠢ ᠬᠡᠷᠡᠭᠯᠡᠭᠰᠡᠨ ᠪᠠᠶᠢᠳᠠᠯ ᠢ ᠮᠥᠷᠳᠡᠨ ᠦᠨᠡᠯᠡᠨ ᠵᠢᠱᠢᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠴᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠭᠤᠴᠠᠯᠭ᠎ᠠ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ ︵3︶ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠬᠤ ᠰᠠᠯᠠᠭ᠎ᠠ ᠮᠥᠴᠢᠷ ᠤᠨ ᠬᠠᠷᠠᠯᠲᠠ ᠶᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶      25. ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︵1︶ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠤᠳᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠠᠵᠢᠯᠳᠠᠨ ᠤ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ  ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵2︶ ᠡᠨᠧᠷᠭᠢ ᠶᠢᠨ ᠬᠡᠮᠵᠢᠯᠲᠡ ᠶᠢᠨ ᠠᠵᠢᠯ ᠢ ᠴᠢᠩᠭᠠᠳᠬᠠᠨ᠂ ᠡᠨᠧᠷᠭᠢ ᠶᠢᠨ ᠬᠡᠮᠵᠢᠯᠲᠡ ᠶᠢᠨ ᠰᠢᠰᠲ᠋ᠧᠮᠵᠢ ᠶᠢ ᠪᠥᠷᠢᠨᠰᠢᠬᠦᠯᠵᠤ᠂ ᠪᠦᠷᠢᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠨᠧᠷᠭᠢ ᠶᠢᠨ ᠲᠤᠭ᠎ᠠ ᠪᠦᠷᠢᠳᠬᠡᠯ ᠤᠨ ᠠᠵᠢᠯᠳᠠᠨ ᠤ ᠬᠦᠴᠦᠨ ᠢ ᠲᠡᠭᠦᠯᠳᠡᠷᠵᠢᠭᠦᠯᠦᠨ᠎ᠡ᠃ ︵3︶ ᠡᠨᠧᠷᠭᠢ ᠠᠷᠪᠢᠯᠠᠬᠤ ᠶᠢ ᠮᠡᠳᠡᠭᠦᠯᠬᠦ᠂ ᠡᠨᠧᠷᠭᠢ ᠶᠢᠨ ᠬᠢᠨᠠᠨ ᠪᠤᠳᠤᠬᠤ᠂ ᠡᠨᠧᠷᠭᠢ ᠶᠢᠨ ᠠᠰᠢᠭᠯᠠᠮᠵᠢ ᠶᠢ ᠦᠨᠡᠯᠡᠬᠦ᠂ ᠪᠠᠶᠢᠴᠠᠭᠠᠨ ᠰᠢᠯᠭᠠᠬᠤ᠂ ᠡᠨᠧᠷᠭᠢ ᠠᠷᠪᠢᠯᠠᠬᠤ ᠶᠢ ᠬᠢᠨᠠᠨ ᠬᠠᠷᠭᠤᠭᠤᠯᠬᠤ᠂ ᠭᠡᠷᠡᠴᠢᠯᠡᠬᠦ ᠵᠡᠷᠭᠡ ᠭᠤᠷᠪᠠᠳᠠᠬᠢ ᠡᠲᠡᠭᠡᠳ ᠠᠴᠠ ᠪᠠᠶᠢᠭᠤᠯᠤᠮᠵᠢ ᠶᠢ ᠢᠳᠡᠪᠬᠢᠲᠡᠶ ᠪᠠᠷ ᠪᠤᠶᠢᠵᠢᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      26. ᠶᠠᠷᠢᠶ᠎ᠠ ᠬᠡᠯᠡᠯᠴᠠᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ︵1︶ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠢ ᠬᠡᠷᠡᠭᠯᠡᠨ ᠡᠨᠧᠷᠭᠢ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠸᠢᠴᠠᠲ᠂ ᠪᠢᠴᠢᠯ ᠪᠦᠷᠭᠡ᠂ ᠣᠬᠤᠷ ᠬᠠᠷᠠᠭᠠᠨ ᠳᠠᠪᠲᠠᠮᠵᠢ ᠵᠡᠷᠭᠡ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠪᠠᠳᠠᠷᠠᠭᠤᠯᠤᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠤᠷᠴᠢᠯᠲᠤ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ᠂ ᠲᠤᠷᠰᠢᠯᠭ᠎ᠠ ᠪᠠ ᠠᠷᠭ᠎ᠠ ᠬᠢᠳᠡᠯ ᠢ ᠤᠬᠠᠭᠤᠯᠤᠨ᠎ᠠ᠃ ︵2︶ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠣᠯᠤᠨ ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠲᠤᠨᠤᠭ ᠲᠥᠬᠦᠭᠡᠷᠦᠮᠵᠢ ᠶᠢ ᠲᠠᠨᠢᠯᠴᠠᠭᠤᠯᠬᠤ ᠬᠤᠷᠠᠯ ᠢ ᠡᠷᠬᠢᠯᠡᠵᠤ᠂ ᠡᠨᠧᠷᠭᠢ ᠠᠷᠪᠢᠯᠠᠬᠤ ᠳᠤ ᠨᠡᠶᠢᠭᠡᠮ ᠳᠠᠶᠠᠭᠠᠷ ᠢᠶᠠᠨ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ︵3︶ ᠡᠨᠧᠷᠭᠢ ᠠᠷᠪᠢᠯᠠᠬᠤ ᠰᠠᠭᠤᠷᠢ ᠰᠤᠷᠭᠠᠨ ᠬᠥᠮᠦᠵᠢᠯ ᠢ ᠴᠢᠩᠭᠠᠳᠬᠠᠵᠤ᠂ ᠬᠠᠷᠠᠬᠠᠨ ᠪᠠᠭ᠎ᠠ ᠠᠴᠠ ᠪᠠᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠪᠦᠬᠦ ᠠᠷᠠᠳ ᠢᠷᠭᠡᠳ ᠤᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠡᠨᠧᠷᠭᠢ ᠠᠷᠪᠢᠯᠠᠬᠤ ᠪᠦᠬᠦ ᠠᠷᠠᠳ ᠤᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ