ᠬᠥᠬᠡᠬᠤᠲᠠ ᠵᠠᠰᠠᠭ ᠲᠠᠷᠬᠠᠭᠠᠭᠰᠠᠨ ﹇2023﹈ 10 ᠳ᠋ᠤᠭᠠᠷ ᠲᠣᠭᠠᠲᠤ | 2023 ᠣᠨ ᠤ 3 ᠳ᠋ᠤᠭᠠᠷ ᠰᠠᠷ᠎ᠠ ᠶᠢᠨ 27 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ | ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠤ ᠢᠳᠡᠪᠬᠢᠲᠡᠢ ᠠᠭᠤᠰᠤᠯᠴᠠᠬᠤ ᠶᠢ ᠠᠬᠢᠭᠤᠯᠤᠨ᠂ ᠳᠤᠮᠳᠠᠳᠤ ᠮᠣᠩᠭᠤᠯ ᠣᠷᠣᠰ ᠤᠨ ᠠᠵᠤ | ᠠᠬᠤᠢ ᠶᠢᠨ ᠬᠤᠩᠭᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠦᠨᠳᠦᠰᠦᠯᠡᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠨᠡᠶᠢᠳᠡᠮ ᠬᠡᠷᠡᠭᠯᠡᠬᠦ ᠲᠦᠷᠦ ᠶᠢᠨ ᠪᠣᠳᠣᠯᠭ᠎ᠠ | ︵ᠨᠢᠭᠡ︶ ᠠᠵᠤ ᠠᠬᠤᠶᠢᠯᠠᠯ ᠤᠨ ᠪᠠᠶᠢᠭᠠᠯᠢ ᠵᠢᠯ ᠪᠦᠷᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠳᠣᠣᠷᠠᠬᠢ | ᠪᠠᠷᠢᠮᠵᠢᠶ᠎ᠠ ᠳᠤ ᠬᠦᠷᠦᠭᠰᠡᠨ ᠳᠤ ᠣᠨᠴᠠᠭᠠᠢ ᠬᠤᠪᠢ ᠨᠡᠮᠡᠷᠢ ᠶᠢᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ ᠨᠡᠶᠢᠲᠡ 100 ᠲᠦᠮᠡᠨ ᠳ᠋ᠣᠯᠯᠠᠷ ᠠᠴᠠ 1000 ᠲᠦᠮᠡᠨ ᠳ᠋ᠣᠯᠯᠠᠷ ︵ᠪᠠᠭᠲᠠᠨ᠎ᠠ︶ ᠠᠴᠠ ᠳᠣᠷᠣᠭᠰᠢ ᠬᠦᠷᠦᠭᠰᠡᠨ ᠪᠣᠯ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.03 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 1000 ᠲᠦᠮᠡᠨ ᠳ᠋ᠣᠯᠯᠠᠷ ᠠᠴᠠ 5000 ᠲᠦᠮᠡᠨ ᠳ᠋ᠣᠯᠯᠠᠷ ︵ᠪᠠᠭᠲᠠᠨ᠎ᠠ︶ ᠠᠴᠠ | ᠳᠣᠷᠣᠭᠰᠢ ᠬᠦᠷᠦᠭᠰᠡᠨ ᠪᠣᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.04 ᠲᠥᠭᠦᠷᠢᠭ ᠠᠷᠠᠳ ᠤᠨ | ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ᠢ | ᠳᠠᠪᠠᠭᠰᠠᠨ ᠪᠣᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1ᠳ᠋ᠣᠯᠯᠠᠷ ᠪᠦᠷᠢ ᠳᠤ 0.05 ᠲᠥᠭᠦᠷᠢᠭ ᠠᠷᠠᠳ ᠤᠨ ᠵᠣᠭᠤᠰ ᠤᠨ ᠱᠠᠩᠨᠠᠯ | ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠣᠨ ᠤ ᠱᠠᠩᠨᠠᠯ ᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠷᠠᠳ ᠤᠨ ᠵᠣᠭᠤᠰ ᠠᠴᠠ | ᠬᠡᠲᠦᠷᠡᠭᠦᠯᠬᠦ ᠦᠭᠡᠢ︔ | ︵ᠬᠤᠶᠠᠷ︶ ᠡᠯ᠎ᠡ ᠲᠥᠷᠥᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠰᠠᠭᠤᠷᠢᠰᠢᠨ ᠬᠥᠭᠵᠢᠬᠦ ᠶᠢ | ᠵᠣᠷᠢᠭᠵᠢᠭᠤᠯᠤᠨ᠂ ᠭᠠᠶᠢᠯᠢ ᠪᠠᠲᠤᠯᠠᠬᠤ ᠣᠷᠣᠨ ᠤ ᠦᠢᠯᠡᠳᠪᠦᠷᠢ ᠶᠢᠨ ᠭᠡᠷ ᠪᠠᠶᠢᠰᠢᠩ ᠢ ᠲᠦᠷᠢᠶᠡᠰᠦᠯᠡᠨ ᠬᠡᠷᠡᠭᠯᠡᠭᠰᠡᠨ ᠠᠵᠤ ᠠᠬᠤᠶᠢᠯᠠᠯ ᠤᠨ ᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ︵ᠪᠠᠭᠲᠠᠨ᠎ᠠ︶ ᠠᠴᠠ 1 ᠳ᠋ᠦᠩᠰᠢᠭᠤᠷ | ᠳ᠋ᠣᠯᠯᠠᠷ ᠲᠤ ᠬᠦᠷᠦᠭᠰᠡᠨ ᠪᠣᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ 50% ᠪᠠᠷ ᠨᠥᠬᠦᠪᠦᠷᠢ ᠣᠯᠭᠤᠨ᠎ᠠ︔ | ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 1 ᠳ᠋ᠦᠩᠰᠢᠭᠤᠷ ︵ᠪᠠᠭᠲᠠᠨ᠎ᠠ︶ ᠳ᠋ᠣᠯᠯᠠᠷ ᠠᠴᠠ ᠳᠠᠪᠠᠭᠰᠠᠨ ᠪᠣᠯ᠂ | ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ᠠᠵᠤ ᠠᠬᠤᠶᠢᠯᠠᠯ | ᠨᠢᠭᠡᠪᠦᠷᠢ ᠶᠢᠨ ᠲᠦᠷᠢᠶᠡᠰᠦᠨ ᠮᠥᠩᠭᠦ ᠶᠢᠨ ᠨᠥᠬᠦᠪᠦᠷᠢ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠬᠠᠮᠢᠶ᠎ᠠ ᠪᠦᠬᠦᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠡᠯᠡ ᠣᠷᠣᠭᠤᠯᠬᠤ ᠶᠢ ᠳᠡᠮᠵᠢᠨ᠎ᠡ᠃ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠮᠠᠰᠢᠨ ᠲᠥᠬᠦᠭᠡᠷᠦᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠷ | ᠭᠤᠣᠯ ᠪᠣᠯᠭᠠᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠬᠤᠳᠠᠯᠳᠤᠨ ᠠᠪᠬᠤ ᠶᠢ ᠪᠠᠭᠲᠠᠭᠠᠬᠤ ᠦᠭᠡᠢ︶ ᠶᠢᠨ ᠲᠥᠷᠥᠯ | ᠵᠦᠢᠯ ᠳᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠡᠭᠦᠨ ᠤ ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ | ᠪᠡᠯᠡ ᠣᠷᠤᠭᠤᠯᠤᠯᠲᠠ ᠶᠢᠨ ᠲᠤᠭ᠎ᠠ ᠶᠢᠨ 5% ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠣᠷᠤᠭᠤᠯᠤᠯᠲᠠ ᠶᠢᠨ ᠱᠠᠩᠨᠠᠯ ᠨᠥᠬᠦᠪᠦᠷᠢ ᠣᠯᠭᠤᠵᠤ᠂ | ᠨᠥᠬᠦᠪᠦᠷᠢ ᠶᠢᠨ ᠪᠦᠬᠦ ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ᠬᠥᠬᠡᠬᠤᠲᠠ ᠶᠢᠨ ︽ᠠᠵᠤ | ᠦᠢᠯᠡᠳᠪᠦᠷᠢ ᠶᠢᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠲᠥᠷᠥᠯ ᠵᠦᠢᠯ ᠳᠤ ᠠᠵᠤ ᠠᠬᠤᠶᠢᠯᠠᠯ ᠤᠳ ᠬᠤᠲᠠ ᠶᠢᠨ ᠱᠠᠲᠤ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠤᠶᠠᠷ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠳᠠᠪᠬᠤᠴᠠᠭᠤᠯᠤᠨ ᠭᠥᠷᠳᠡᠵᠦ ᠪᠣᠯᠣᠨ᠎ᠠ᠃ | ︵ᠳᠥᠷᠪᠡ︶ ᠬᠦᠷᠢᠶᠡᠯᠡᠩ ᠲᠣᠭᠤᠷᠢᠭ ᠤᠨ ᠳᠣᠲᠣᠷ᠎ᠠ ᠪᠠᠷᠠᠭ᠎ᠠ ᠬᠠᠳᠠᠭᠠᠯᠠᠭᠰᠠᠨ᠂ ᠴᠤᠭᠯᠠᠭᠤᠯᠤᠭᠰᠠᠨ᠂ ᠬᠤᠪᠢᠶᠠᠨ ᠰᠠᠯᠭᠠᠵᠤ ︵ᠪᠣᠭᠤᠮᠲᠠ ᠶᠢᠨ | ᠪᠦᠷᠢᠳᠬᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶᠂ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 50 | ᠪᠠᠷᠢᠮᠵᠢᠶ᠎ᠠ ᠬᠠᠶᠢᠷᠴᠠᠭ ᠠᠴᠠ ᠳᠣᠣᠷ᠎ᠠ ᠦᠭᠡᠢ ᠪᠣᠯ 20 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 1000 ᠲᠥᠭᠦᠷᠢᠭ ᠠᠷᠠᠳ ᠤᠨ ᠵᠣᠭᠤᠰ ᠤᠨ ᠱᠠᠩᠨᠠᠯ | ᠣᠯᠭᠤᠵᠤ᠂ 40 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ ᠳᠠᠩ ᠭᠠᠭᠴᠠ ᠠᠵᠤ | ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠶᠡᠷᠦᠩᠬᠡᠢ ᠲᠤᠭ᠎ᠠ ᠶᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ | ᠬᠤᠶᠠᠷ᠂ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ | ︵ᠲᠠᠪᠤ︶ ᠥᠩᠭᠡᠲᠦ ᠲᠡᠮᠦᠷᠯᠢᠭ ᠵᠢᠴᠢ ᠰᠤᠪᠤᠳ ᠡᠷᠳᠡᠨᠢ ᠵᠠᠰᠠᠯ ᠴᠢᠮᠡᠭᠯᠡᠯ ᠤᠨ ᠡᠳ᠋ᠰᠢᠭᠦᠯᠬᠦ ᠠᠵᠢᠯ ᠢ ᠥᠷᠨᠢᠭᠦᠯᠦᠭᠰᠡᠨ ᠠᠵᠤ ᠠᠬᠤᠶᠢᠯᠠᠯ ᠤᠨ | ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠠᠢ ᠲᠤᠭ᠎ᠠ ᠨᠢ 10 | ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 20 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 30 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶ | ᠠᠴᠠ ᠳᠠᠪᠠᠭᠰᠠᠨ ᠪᠣᠯ᠂ ᠣᠨ ᠢᠶᠠᠷ ᠲᠣᠰ ᠲᠣᠰ 100 ᠲᠦᠮᠡᠨ ᠲᠥᠭᠦᠷᠢᠭ ᠠᠷᠠᠳ ᠤᠨ ᠵᠣᠭᠤᠰ᠂ 200 ᠲᠦᠮᠡᠨ ᠲᠥᠭᠦᠷᠢᠭ ᠠᠷᠠᠳ ᠤᠨ ᠵᠣᠭᠤᠰ᠂ | 300 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ︵ᠵᠢᠷᠭᠤᠭ᠎ᠠ︶ ᠤᠯᠤᠰ ᠤᠨ 3A᠂ 4A᠂ 5A ᠲᠠᠰ ᠢᠶᠠᠷ ᠦᠨᠡᠯᠡᠭᠳᠡᠭᠰᠡᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠣᠰ ᠲᠣᠰ ᠨᠢᠭᠡ | ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠱᠠᠩᠨᠠᠯ | ᠣᠯᠭᠤᠨ᠎ᠠ᠃ | ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠡᠳᠡᠨ ᠠᠪᠴᠢᠷᠠᠵᠤ᠂ ᠲᠤᠬᠠᠢ ᠶᠢᠨ ᠵᠢᠯ ᠳᠤ ᠰᠢᠨ᠎ᠡ ᠪᠠᠷ | ᠳᠠᠩᠰᠠᠯᠠᠭᠤᠯᠤᠭᠰᠠᠨ ᠪᠤᠶᠤ ᠪᠡᠯᠡ ᠮᠥᠩᠭᠦ ᠨᠡᠮᠡᠭᠰᠡᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠪᠠ ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠱᠠᠩᠨᠠᠯ ᠣᠯᠭᠤᠵᠤ᠂ | ᠠᠷᠠᠳ ᠤᠨ ᠵᠣᠭᠤᠰ ᠢᠶᠠᠷ ᠱᠠᠩᠨᠠᠬᠤ ᠪᠠᠷᠢᠮᠵᠢᠶ᠎ᠠ ᠶᠢ ᠲᠤᠬᠠᠢ ᠶᠢᠨ ᠵᠢᠯ ᠤᠨ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠶᠢᠨ 1% ︵ | ᠭᠠᠳᠠᠭᠠᠳᠤ ᠶᠢᠨ ᠲᠠᠯ᠎ᠠ ᠶᠢᠨ ᠬᠤᠪᠢ ᠣᠷᠣᠭᠤᠯᠤᠭᠴᠢ ᠶᠢᠨ ᠵᠢᠭᠡᠯᠡᠯᠭᠡ ᠶᠢ ᠪᠠᠭᠲᠠᠭᠠᠬᠤ ᠦᠭᠡᠢ︶ ᠪᠠᠷ ᠲᠣᠭᠲᠠᠭᠠᠵᠤ᠂ ᠳᠠᠩ ᠭᠠᠭᠴᠠ ᠠᠵᠤ ᠠᠬᠤᠶᠢᠯᠠᠯ ᠤᠨ | ᠱᠠᠩᠨᠠᠯ ᠤᠨ ᠶᠡᠷᠦᠩᠬᠡᠢ ᠲᠤᠭ᠎ᠠ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠨᠠᠢᠮᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠱᠠᠲᠤᠨ ᠠᠴᠠ ᠦᠨᠡᠯᠡᠨ ᠲᠤᠭᠲᠠᠭᠠᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠢ 100 ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ | ︵ᠶᠢᠰᠦ︶ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ | ᠠᠵᠢᠯ ᠡᠷᠭᠢᠯᠡᠵᠦ ᠪᠠᠶᠢᠭ᠎ᠠ ᠠᠵᠤ ᠠᠬᠤᠶᠢᠯᠠᠯ ᠳᠤ᠂ ᠲᠤᠬᠠᠢ ᠶᠢᠨ ᠵᠢᠯ ᠤᠨ ᠬᠢᠯᠢ ᠶᠢᠨ ᠭᠠᠳᠠᠨᠠᠬᠢ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ | ᠠᠷᠠᠯᠵᠢᠶᠠᠨ ᠤ ᠪᠥᠬᠦ ᠲᠤᠭ᠎ᠠ ᠨᠢ 100 ᠲᠦᠮᠡᠨ ᠳ᠋ᠣᠯᠯᠠᠷ ᠠᠴᠠ ᠳᠠᠪᠠᠭᠰᠠᠨ ᠪᠣᠯ᠂ 1 ᠳ᠋ᠣᠯᠯᠠᠷ ᠪᠦᠷᠢ ᠳᠤ ᠠᠷᠠᠳ ᠤᠨ ᠵᠣᠭᠤᠰ ᠢᠶᠠᠷ 0.01 ᠲᠥᠭᠦᠷᠢᠭ | ᠱᠠᠩᠨᠠᠵᠤ᠂ ᠠᠷᠠᠳ ᠤᠨ ᠵᠣᠭᠤᠰ ᠢᠶᠠᠷ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠱᠠᠩᠨᠠᠨ᠎ᠠ᠃ | ︵ᠠᠷᠪᠠ︶ ᠪᠠᠶᠢᠴᠠᠭᠠᠨ ᠰᠢᠯᠭᠠᠵᠤ ᠭᠡᠷᠡᠴᠢᠯᠡᠬᠦ᠂ ᠪᠥᠬᠦ ᠪᠥᠮᠪᠥᠷᠴᠡᠭ ᠤᠨ ᠭᠠᠶᠢᠯᠢ ᠪᠠᠲᠤᠯᠠᠬᠤ ᠰᠡᠯᠪᠢᠨ ᠵᠠᠰᠠᠬᠤ ᠦᠢᠯᠡᠴᠢᠯᠡᠭᠡᠨ ᠤ ᠠᠵᠤ ᠠᠬᠤᠶᠢᠯᠠᠯ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠡᠵᠡᠩᠨᠡᠬᠦ ᠪᠠᠷ ᠳᠠᠩᠰᠠᠯᠠᠭᠤᠯᠤᠭᠰᠠᠨ ᠪᠦᠭᠡᠳ ᠲᠤᠬᠠᠶᠢᠯᠠᠭᠰᠠᠨ ᠠᠵᠢᠯ ᠢᠶᠠᠨ ᠪᠣᠳᠠᠲᠠᠢ ᠥᠷᠨᠢᠭᠦᠯᠦᠭᠰᠡᠨ ᠤ | ᠳᠠᠷᠠᠭ᠎ᠠ᠂ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃ | ︵ᠠᠷᠪᠠᠨ ᠨᠢᠭᠡ︶ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠡᠮᠵᠢᠨ᠎ᠡ᠃ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ | ᠪᠠᠶᠢᠭ᠎ᠠ ᠠᠵᠤ ᠠᠬᠤᠶᠢᠯᠠᠯ ᠳᠤ 2000 ᠲᠥᠭᠦᠷᠢᠭ ᠤᠨ ᠠᠷᠠᠳ ᠤᠨ ᠵᠣᠭᠤᠰ / ᠲᠡᠷᠭᠡ ᠪᠠᠷ ᠪᠠᠷᠢᠮᠵᠢᠶ᠎ᠠ ᠪᠣᠯᠭᠠᠵᠤ᠂ ᠳᠠᠩ ᠭᠠᠭᠴᠠ ᠠᠵᠤ ᠠᠬᠤᠶᠢᠯᠠᠯ ᠳᠤ | ᠵᠢᠯ ᠤᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠳᠦᠷᠡᠭᠦᠯᠬᠦ ᠦᠭᠡᠢ ᠪᠠᠷ ᠱᠠᠩᠨᠠᠯ ᠣᠯᠭᠤᠨ᠎ᠠ᠃ | ︵ᠠᠷᠪᠠᠨ ᠬᠤᠶᠠᠷ︶ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠥᠨ ᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠬᠥᠭᠵᠢᠯᠲᠡ ᠪᠠ ᠲᠥᠯᠦᠪᠵᠢᠭᠦᠯᠭᠡ ᠳᠤ ᠨᠡᠶᠢᠴᠡᠬᠦ ᠠᠵᠤ ᠠᠬᠤᠶᠢᠯᠠᠯ᠂ ᠲᠥᠷᠥᠯ ᠵᠦᠢᠯ ᠢ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ | ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠤᠨ᠎ᠠ᠃ ᠰᠢᠨ᠎ᠡ ᠪᠠᠷ ᠤᠷᠢᠵᠤ ᠢᠷᠡᠭᠰᠡᠨ ᠠᠵᠤ ᠠᠬᠤᠶᠢᠯᠠᠯ ᠨᠢ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠠᠳ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠤ ᠳᠠᠷᠠᠭ᠎ᠠ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠭᠰᠠᠨ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ | ᠬᠥᠮᠥᠨ ᠢ ᠱᠠᠩᠨᠠᠨ ᠬᠥᠬᠢᠭᠦᠯᠵᠦ᠂ ᠤᠷᠢᠵᠤ ᠢᠷᠡᠭᠰᠡᠨ ᠠᠵᠤ ᠠᠬᠤᠶᠢᠯᠠᠯ ᠤᠨ ᠵᠢᠯ ᠤᠨ ᠪᠣᠳᠠᠲᠠᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ ᠨᠢ 5000 ᠲᠦᠮᠡᠨ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ | ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ | ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 1 ᠳ᠋ᠦᠩᠰᠢᠭᠤᠷ ᠲᠥᠭᠦᠷᠢᠭ ᠠᠷᠠᠳ ᠤᠨ | ᠵᠣᠭᠤᠰ ︵ᠪᠠᠭᠲᠠᠨ᠎ᠠ︶ ᠠᠴᠠ 5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ | 10 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 20 ᠳ᠋ᠦᠩᠰᠢᠭᠤᠷ | ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠠᠷᠠᠳ ᠤᠨ | ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ ᠨᠢ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 50 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠦᠭᠰᠡᠨ ᠪᠣᠯ | ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃ ᠳᠠᠩ ᠭᠠᠭᠴᠠ ᠠᠵᠤ ᠠᠬᠤᠶᠢᠯᠠᠯ᠂ ᠨᠡᠶᠢᠭᠡᠮ ᠤᠨ | ᠪᠦᠯᠬᠦᠮ ᠪᠠ ᠬᠤᠪᠢ ᠬᠥᠮᠥᠨ ᠤ ᠣᠨ ᠤ ᠱᠠᠩᠨᠠᠯ ᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠴᠢᠬᠤᠯᠠ ᠣᠨᠴᠠ | ᠶᠡᠭᠡ ᠭᠠᠳᠠᠭᠠᠳᠤ ᠳᠤ ᠬᠠᠨᠳᠤᠭᠤᠯᠤᠭᠰᠠᠨ ᠲᠥᠷᠥᠯ ᠵᠦᠢᠯ ᠢ ᠤᠷᠢᠵᠤ ᠢᠷᠡᠬᠦ ᠵᠢᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠳᠤ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠲᠠᠪᠴᠠᠩ᠂ ᠬᠤᠳᠠᠯᠳᠤᠭᠠᠴᠢᠨ ᠤ ᠨᠡᠶᠢᠭᠡᠮᠯᠢᠭ ︵ᠡᠪᠯᠡᠯ︶ ᠂ ᠠᠵᠤ ᠠᠬᠤᠶᠢᠯᠠᠯ | ᠵᠢᠴᠢ ᠬᠤᠪᠢ ᠬᠥᠮᠥᠨ ᠢ ᠨᠢᠭᠡ ᠤᠴᠢᠷ ᠢ ᠨᠢᠭᠡ ᠵᠥᠪᠯᠡᠬᠦ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃ | ᠭᠤᠷᠪᠠ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ︽ | ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ10 ᠵᠤᠷᠪᠤᠰ ᠤᠨ ᠴᠢᠳᠠᠪᠤᠷᠢᠲᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠳᠡᠮᠵᠢᠬᠦ | ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ 10 | ᠵᠤᠷᠪᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ | ᠲᠤᠷᠰᠢᠨ ᠬᠡᠷᠡᠭᠵᠢᠭᠦᠯᠬᠦ︶︾ ︵ᠬᠥᠬᠡᠬᠤᠲᠠ ᠵᠠᠰᠠᠭ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠳᠥᠷᠪᠡ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ | ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ | ᠭᠠᠷᠭᠠᠪᠠᠯ᠂ ᠳᠣᠣᠷ᠎ᠠ ᠵᠢᠭᠰᠠᠭᠠᠭᠰᠠᠨ ᠪᠠᠷᠠᠭ᠎ᠠ ᠶᠢ ᠬᠢᠯᠢ ᠶᠢᠨ ᠭᠠᠳᠠᠨ᠎ᠠ ᠠᠴᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠭᠤᠯᠪᠠᠯ᠂ ᠪᠣᠭᠤᠮᠲᠠ | ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠭᠠᠶᠢᠯᠢ ᠶᠢ ᠬᠡᠯᠲᠦᠷᠢᠭᠦᠯᠦᠨ᠎ᠡ᠄ | ︵ᠨᠢᠭᠡ︶ ᠣᠷᠣᠨ ᠳᠣᠲᠣᠷᠠᠬᠢ ᠦᠢᠯᠡᠳᠪᠦᠷᠢᠯᠡᠯ ᠤᠨ ᠴᠢᠨᠠᠷᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠡᠷᠡᠭᠰᠡᠬᠦ ᠮᠠᠰᠢᠨ᠂ ᠲᠥᠬᠦᠭᠡᠷᠦᠮᠵᠢ ᠪᠠ ᠪᠦᠲᠦᠭᠡᠨ ᠪᠠᠶᠢᠭᠤᠯᠤᠯᠲᠠ ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠪᠣᠳᠠᠰ︔ | ︵ᠬᠤᠶᠠᠷ︶ ᠣᠷᠣᠨ ᠳᠣᠲᠣᠷᠠᠬᠢ ᠠᠵᠤ ᠠᠬᠤᠶᠢᠯᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠲᠠᠪᠤᠳᠤᠭᠠᠷ ᠵᠦᠢᠯ ᠳᠤ ᠵᠢᠭᠰᠠᠭᠠᠭᠰᠠᠨ ᠲᠤᠬᠠᠶᠢᠯᠠᠭᠰᠠᠨ ᠠᠵᠢᠯ ᠢ | ᠥᠷᠨᠢᠭᠦᠯᠬᠦ ᠳᠤ ᠬᠡᠷᠡᠭᠰᠡᠬᠦ ᠮᠠᠰᠢᠨ᠂ ᠲᠥᠬᠦᠭᠡᠷᠦᠮᠵᠢ᠂ ᠬᠡᠪ ᠵᠢᠴᠢ ᠰᠡᠯᠪᠢᠨ ᠵᠠᠰᠠᠬᠤ ᠳᠤ ᠬᠡᠷᠡᠭᠯᠡᠬᠦ ᠰᠡᠯᠪᠢᠭ ᠲᠣᠨᠤᠭ︔ | ︵ᠭᠤᠷᠪᠠ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠣᠷᠣᠨ ᠳᠣᠲᠣᠷᠠᠬᠢ | ᠠᠵᠤ ᠠᠬᠤᠶᠢᠯᠠᠯ ᠤᠨ ᠥᠪᠡᠷᠲᠡᠭᠡᠨ ᠬᠡᠷᠡᠭᠯᠡᠬᠦ ᠵᠦᠢ ᠵᠣᠬᠢᠰᠲᠠᠢ ᠲᠤᠭ᠎ᠠ ᠬᠡᠮᠵᠢᠶᠡᠨ ᠤ ᠠᠯᠪᠠᠨ ᠠᠵᠢᠯ ᠤᠨ ᠬᠡᠷᠡᠭᠰᠡᠯ᠃ | ᠲᠠᠪᠤ᠂ ᠪᠤᠰᠤᠳ ᠵᠦᠢᠯ | ︵ᠨᠢᠭᠡ︶ ᠲᠣᠰ ᠰᠠᠨᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠬᠥᠬᠡᠬᠤᠲᠠ ᠶᠢᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠰᠠᠨ ᠪᠣᠶ ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠡᠭᠦᠨ ᠤ ᠬᠠᠮᠲᠤ ᠤᠯᠤᠰ᠂ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠶᠣᠰᠣᠭᠠᠷ ᠨᠢ ᠬᠡᠷᠡᠭᠵᠢᠭᠦᠯᠦᠨ᠎ᠡ᠃ ᠨᠡᠶᠢᠳᠡᠮ ᠬᠡᠷᠡᠭᠯᠡᠬᠦ | ᠲᠥᠷᠥ ᠶᠢᠨ ᠪᠣᠳᠣᠯᠭ᠎ᠠ ᠬᠢᠭᠡᠳ ᠪᠤᠰᠤᠳ ᠲᠥᠷᠥᠯ ᠢᠯᠭᠠᠯ ᠤᠨ ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠬᠡᠷᠡᠭᠯᠡᠵᠦ ᠪᠣᠯᠤᠨ᠎ᠠ᠂ ᠠᠳᠠᠯᠢ ᠱᠠᠲᠤᠨ ᠤ | ᠲᠥᠷᠥ ᠶᠢᠨ ᠪᠣᠳᠣᠯᠭ᠎ᠠ ᠶᠢᠨ ᠳᠣᠲᠣᠷᠠᠬᠢ ᠡᠯ᠎ᠡ ᠵᠦᠢᠯ ᠵᠤᠷᠪᠤᠰ ᠤᠨ ᠰᠢᠯᠢᠳᠡᠭ ᠢ ᠨᠢ ᠰᠣᠩᠭᠤᠨ ᠬᠡᠷᠡᠭᠯᠡᠨ᠎ᠡ᠃ | ︵ᠬᠤᠶᠠᠷ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ ᠬᠥᠬᠡᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠣᠰᠣᠭᠠᠷ᠂ ᠱᠠᠩᠨᠠᠯ ᠪᠠ ᠨᠥᠬᠦᠪᠦᠷᠢ ᠣᠯᠭᠤᠨ᠎ᠠ᠃ | ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠡᠯᠡ ᠭᠠᠷᠭᠠᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠤ | ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠲᠤᠰᠬᠠᠢ ᠪᠡᠯᠡ ᠮᠥᠩᠭᠦ ︵ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ︶ ᠪᠠᠶᠢᠭᠤᠯᠵᠤ᠂ | ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠳᠥᠷᠪᠡ︶ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠠᠶᠢᠭ᠎ᠠ ᠠᠵᠤ ᠠᠬᠤᠶᠢᠯᠠᠯ ᠪᠥᠬᠦᠨ ︽ᠴᠠᠭᠠᠵᠠᠯᠠᠬᠤ ᠦᠭᠡᠢ ᠪᠣᠯ | ᠵᠥᠪᠰᠢᠶᠡᠷᠡᠬᠦ᠂ ᠬᠢᠵᠠᠭᠠᠷᠯᠠᠬᠤ ᠦᠭᠡᠢ ᠪᠣᠯ ᠵᠥᠪᠰᠢᠶᠡᠷᠡᠬᠦ︾ ᠵᠠᠷᠴᠢᠮ ᠶᠣᠰᠣᠭᠠᠷ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠨᠡᠮᠡᠭᠳᠡᠭᠦᠯᠬᠦ ᠪᠤᠶᠤ | ᠥᠷᠭᠡᠳᠬᠡᠬᠦ ᠶᠢ ᠵᠥᠪᠰᠢᠶᠡᠷᠡᠨ᠎ᠡ᠃ | ︵ᠲᠠᠪᠤ︶ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠤᠴᠢᠷ ᠶᠠᠪᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠨᠢᠭᠡ ᠬᠡᠷᠡᠭ ᠢ | ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠨ᠎ᠠ᠃ | ︵ᠵᠢᠷᠭᠤᠭ᠎ᠠ︶ ᠲᠣᠰ ᠰᠠᠨᠠᠯ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠵᠤ᠂ ᠬᠡᠷᠡᠭᠵᠢᠭᠦᠯᠬᠦ | ᠶᠠᠪᠤᠴᠠ ᠳᠠᠬᠢ ᠪᠣᠳᠠᠲᠠᠢ ᠲᠠᠶᠢᠯᠪᠤᠷᠢᠯᠠᠬᠤ ᠠᠵᠢᠯ ᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ | ᠡᠭᠦᠷᠭᠡᠯᠡᠨ᠎ᠡ᠃ | ︵ᠳᠣᠯᠤᠭ᠎ᠠ︶ ᠲᠣᠰ ᠰᠠᠨᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ | ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 30 | ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | |