ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 3.8 % ᠪᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/5/25
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ 22 ᠤᠨ ᠡᠳᠦᠷ ︽2023 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ 2022 ᠣᠨ ᠤ ᠵᠢᠯ ᠤᠨ ᠡᠴᠦᠰ ᠠᠴᠠ ᠡᠮᠦᠨ᠎ᠡ ᠨᠢᠭᠡᠨᠲᠡ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠬᠢᠭᠰᠡᠨ ᠪᠥᠭᠡᠳ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠠᠵᠤ ᠠᠬᠤᠶᠢᠯᠠᠯ ᠪᠠ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠣᠬᠢᠷᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 2022 ᠣᠨ ᠳᠤ ᠠᠵᠢᠯ ᠠᠴᠠ ᠪᠠᠨ ᠠᠮᠠᠷᠠᠭᠰᠠᠳ ᠤᠨ ᠰᠠᠷ᠎ᠠ ᠪᠦᠷᠢ ᠶᠢᠨ ᠬᠥᠮᠥᠨ ᠳᠤᠮᠳᠠᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 3.8% ᠪᠠᠷ ᠨᠡᠮᠡᠭᠳᠡᠭᠦᠯᠦᠨ᠎ᠡ ᠭᠡᠵᠦ ᠲᠣᠭᠲᠠᠭᠠᠵᠠᠢ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠲᠣᠬᠢᠷᠠᠭᠤᠯᠤᠯᠲᠠ ᠳᠤ ᠦᠷᠭᠦᠯᠵᠢᠯᠡᠨ ᠲᠣᠭᠲᠠᠭᠰᠠᠨ ᠲᠤᠭ᠎ᠠ ᠪᠠᠷ ᠲᠣᠬᠢᠷᠠᠭᠤᠯᠬᠤ᠂ ᠬᠤᠯᠪᠣᠭᠳᠠᠭᠤᠯᠤᠨ ᠲᠣᠬᠢᠷᠠᠭᠤᠯᠬᠤ ᠪᠠ ᠵᠣᠬᠢᠰᠲᠠᠢ ᠬᠡᠯᠪᠡᠶᠢᠯᠭᠡᠬᠦ ᠶᠢ ᠤᠶᠠᠯᠳᠤᠭᠤᠯᠤᠭᠰᠠᠨ ᠲᠣᠬᠢᠷᠠᠭᠤᠯᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠡᠭᠦᠨ ᠳᠤ᠂ ᠲᠣᠭᠲᠠᠭᠰᠠᠨ ᠲᠤᠭ᠎ᠠ ᠪᠠᠷ ᠲᠣᠬᠢᠷᠠᠭᠤᠯᠬᠤ ᠨᠢ ᠨᠡᠶᠢᠭᠡᠮ ᠤᠨ ᠲᠥᠪ ᠭᠤᠤᠯᠴᠢ ᠶᠢ ᠢᠯᠡᠷᠡᠭᠦᠯᠵᠦ᠂ ᠠᠳᠠᠯᠢ ᠨᠢᠭᠡᠨ ᠭᠠᠵᠠᠷ ᠣᠷᠣᠨ ᠤ ᠡᠯ᠎ᠡ ᠲᠥᠷᠥᠯ ᠤᠨ ᠠᠵᠢᠯ ᠠᠴᠠ ᠪᠠᠨ ᠠᠮᠠᠷᠠᠭᠰᠠᠳ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠨ᠎ᠠ᠃ ᠬᠤᠯᠪᠣᠭᠳᠠᠭᠤᠯᠤᠨ ᠲᠣᠬᠢᠷᠠᠭᠤᠯᠬᠤ ᠨᠢ ︽ᠢᠯᠡᠭᠦᠦ ᠲᠤᠰᠢᠶᠠᠪᠠᠯ ᠢᠯᠡᠭᠦᠦ ᠣᠯᠬᠤ︾᠂ ︽ᠣᠷᠳᠣ ᠬᠤᠭᠤᠴᠠᠭ᠎ᠠ ᠲᠤᠰᠢᠶᠠᠪᠠᠯ ᠢᠯᠡᠭᠦᠦ ᠣᠯᠬᠤ︾ ᠤᠷᠮᠠᠰᠢᠭᠤᠯᠤᠯ ᠤᠨ ᠲᠣᠭᠲᠠᠴᠠ ᠶᠢ ᠢᠯᠡᠷᠡᠭᠦᠯᠵᠦ᠂ ᠠᠵᠢᠯ ᠤᠨ ᠪᠠᠶᠢᠷᠢ ᠳᠤ ᠪᠠᠶᠢᠬᠤ ᠦᠶ᠎ᠡ ᠳᠤ ᠢᠯᠡᠭᠦᠦ ᠰᠦᠢᠳᠬᠡᠯ ᠲᠤᠰᠢᠶᠠᠭᠰᠠᠨ᠂ ᠣᠷᠳᠣ ᠬᠤᠭᠤᠴᠠᠭ᠎ᠠ ᠰᠦᠢᠳᠬᠡᠯ ᠲᠤᠰᠢᠶᠠᠭᠰᠠᠨ ᠬᠥᠮᠥᠰ ᠲᠤ ᠢᠯᠡᠭᠦᠦ ᠨᠠᠰᠤᠵᠢᠯ ᠤᠨ ᠮᠥᠩᠭᠦ ᠣᠯᠭᠤᠨ᠎ᠠ᠃ ᠵᠣᠬᠢᠰᠲᠠᠢ ᠬᠡᠯᠪᠡᠶᠢᠯᠭᠡᠬᠦ ᠨᠢ ᠭᠤᠣᠯᠳᠠᠯᠭ᠎ᠠ ᠲᠠᠢ ᠬᠠᠯᠠᠮᠵᠢᠯᠠᠯ ᠢ ᠢᠯᠡᠷᠡᠭᠦᠯᠵᠦ᠂ ᠭᠤᠣᠯᠳᠠᠭᠤ ᠥᠨᠳᠥᠷ ᠨᠠᠰᠤᠲᠠᠢ ᠠᠵᠢᠯ ᠠᠴᠠ ᠪᠠᠨ ᠠᠮᠠᠷᠠᠭᠰᠠᠳ ᠪᠠ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠠᠵᠢᠯ ᠠᠴᠠ ᠪᠠᠨ ᠠᠮᠠᠷᠠᠭᠰᠠᠳ ᠲᠤ ᠬᠠᠷᠠᠭᠠᠯᠵᠠᠯ ᠦᠵᠡᠭᠦᠯᠦᠨ᠎ᠡ᠃      ᠮᠡᠳᠡᠭᠳᠡᠯ ᠳᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠢᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠵᠤ᠂ ᠱᠠᠯᠠᠪᠳᠠᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠬᠢᠷᠠᠭᠤᠯᠤᠯᠲᠠ ᠬᠢᠵᠦ ᠨᠡᠮᠡᠭᠳᠡᠭᠦᠯᠦᠭᠰᠡᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠠᠯᠢ ᠲᠦᠷᠭᠡᠨ ᠢᠶᠠᠷ ᠠᠵᠢᠯ ᠠᠴᠠ ᠪᠠᠨ ᠠᠮᠠᠷᠠᠭᠰᠠᠳ ᠲᠤ ᠣᠯᠭᠤᠬᠤ ᠬᠡᠷᠡᠭᠲᠡᠢ ᠭᠡᠵᠦ ᠱᠠᠭᠠᠷᠳᠠᠪᠠ᠃    ᠢᠷᠡᠯᠲᠡ᠄  ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ