5 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ 2023 ᠣᠨ ᠤ ᠥᠪᠥᠷ ᠮᠣᠩᠭᠤᠯ ᠤᠨ ᠬᠤᠷᠢᠨᠭᠡᠷ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠴᠠᠨ᠎ᠠ ᠴᠡᠴᠡᠭ ᠰᠣᠶᠣᠯ ᠵᠢᠭᠤᠯᠴᠢᠯᠠᠯ ᠤᠨ ᠪᠠᠶᠠᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠣᠶᠣᠯ ᠪᠣᠯᠤᠨ ᠵᠢᠭᠤᠯᠴᠢᠯᠠᠯ ᠵᠡᠷᠭᠡ | ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠪᠦᠬᠦ ᠰᠢᠶᠠᠨ ᠤ ᠵᠢᠭᠤᠯᠴᠢᠯᠠᠯ ᠤᠨ ᠲᠡᠰ ᠳᠡᠪᠰᠢᠬᠦ ᠶᠢ ᠨᠡᠩ ᠰᠠᠶᠢᠲᠤᠷ | ᠠᠬᠢᠭᠤᠯᠵᠤ᠂ ᠤᠯᠤᠰ ᠤᠨ ᠳᠣᠲᠣᠭᠠᠳᠤ ᠶᠢᠨ ᠨᠡᠷᠡᠳᠦ ᠵᠢᠭᠤᠯᠴᠢᠯᠠᠯ ᠤᠨ ᠰᠦᠯᠵᠢᠶᠡᠨ ᠤ ᠬᠠᠯᠠᠮᠰᠢᠯ ᠭᠠᠵᠠᠷ ᠢ ᠬᠦᠴᠦᠯᠡᠨ ᠪᠠᠶᠢᠭᠤᠯᠬᠤ ᠶᠢᠨ ᠲᠥᠯᠥᠭᠡ᠂ | ᠬᠤᠷᠢᠨᠭᠡᠷ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ 2023 ᠣᠨ ᠤ 6 ᠰᠠᠷ᠎ᠠ ᠶᠢᠨ 2 ᠤᠨ | ᠡᠳᠦᠷ ᠬᠤᠷᠢᠨᠭᠡᠷ ᠰᠢᠶᠠᠨ ᠤ ᠨᠠᠨᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠡᠭᠦᠨ ᠲᠠᠯᠠᠪᠠᠢ ᠳᠤ ᠡᠬᠢᠯᠡᠨ᠎ᠡ᠃ | ᠲᠤᠰ ᠬᠤᠭᠤᠴᠠᠭᠠᠨ ᠤ ᠴᠠᠨ᠎ᠠ ᠴᠡᠴᠡᠭ ᠰᠣᠶᠣᠯ ᠵᠢᠭᠤᠯᠴᠢᠯᠠᠯ ᠤᠨ ᠨᠠᠶᠢᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠨᠭᠡᠷ ᠰᠢᠶᠠᠨ ᠤ | ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠷᠢᠨᠭᠡᠷ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠱᠧᠩ ᠯᠧ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠠᠴᠠ ᠳᠠᠭᠠᠭᠠᠴᠢᠯᠠᠨ ᠡᠷᠬᠢᠯᠡᠪᠡ᠃ ᠡᠨᠡ ᠪᠣᠯ ᠬᠤᠷᠢᠨᠭᠡᠷ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠣᠶᠣᠯ | ᠬᠢᠭᠡᠳ ᠵᠢᠭᠤᠯᠴᠢᠯᠠᠯ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠥᠬᠦ ᠰᠢᠶᠠᠨ ᠤ ᠵᠢᠭᠤᠯᠴᠢᠯᠠᠯ ᠤᠨ ᠠᠵᠢᠯ | ᠲᠥᠷᠥᠯ ᠤᠨ ᠪᠥᠬᠦ ᠲᠠᠯ᠎ᠠ ᠪᠠᠷ ᠰᠡᠷᠭᠦᠨ ᠮᠠᠨᠳᠤᠬᠤ ᠶᠢ ᠨᠠᠩ ᠰᠠᠶᠢᠲᠤᠷ ᠠᠬᠢᠭᠤᠯᠵᠤ᠂ ᠤᠯᠤᠰ ᠤᠨ ᠳᠣᠲᠣᠭᠠᠳᠤ ᠶᠢᠨ ᠨᠠᠷᠠᠲᠤ ᠵᠢᠭᠤᠯᠴᠢᠯᠠᠯ ᠤᠨ ᠰᠦᠯᠵᠢᠶᠡᠨ | ᠤ ᠬᠠᠯᠠᠮᠰᠢᠯ ᠭᠠᠵᠠᠷ ᠢ ᠬᠦᠴᠦᠯᠡᠨ ᠪᠣᠶ ᠪᠣᠯᠭᠠᠬᠤ ᠶᠢᠨ ᠬᠠᠮᠲᠤ ᠨᠠᠷᠢᠨ ᠨᠢᠮᠪᠠᠶ ᠤᠬᠠᠭᠠᠯᠠᠨ ᠰᠡᠳᠦᠭᠰᠡᠨ ᠨᠢᠭᠡ ᠵᠦᠢᠯ ᠤᠨ ᠴᠢᠬᠤᠯᠠ ᠰᠣᠶᠣᠯ ᠤᠨ | ᠵᠢᠭᠤᠯᠴᠢᠯᠠᠯ ᠤᠨ ᠠᠵᠢᠯᠯᠠᠭ᠎ᠠ ᠶᠢ ᠬᠦᠴᠦᠯᠡᠨ ᠪᠣᠶ ᠪᠣᠯᠭᠠᠨ᠎ᠠ᠃ | ᠤᠢᠢᠷ᠎ᠠ ᠶᠢᠨ ᠵᠢᠯ ᠠᠴᠠ᠂ ᠬᠤᠷᠢᠨᠭᠡᠷ ᠰᠢᠶᠠᠨ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠵᠢᠯ ᠲᠦᠷᠦᠯ ᠤᠨ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ᠂ | ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠪᠣᠯᠤᠨ ᠡᠯᠪᠡᠭ ᠪᠠᠶᠠᠯᠢᠭ ᠤᠯᠠᠨ | ᠶᠠᠩᠵᠤ ᠶᠢᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠡᠢ᠃ ᠣᠳᠣᠬᠠᠨ ᠳᠤ᠂ | ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 7 ︵4A ᠲᠠᠰ ᠤᠨ ᠦᠵᠡᠮᠵᠢ ᠶᠢᠨ ᠣᠷᠣᠨ 4᠂ 3A ᠲᠠᠰ ᠤᠨ ᠦᠵᠡᠮᠵᠢ ᠶᠢᠨ | ᠣᠷᠣᠨ 3︶ ᠪᠠᠶᠢᠨ᠎ᠠ᠃ ᠨᠠᠨᠱᠠᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠣ ᠸᠧᠢ ᠠᠳᠤᠭᠤᠨ ᠰᠣᠶᠣᠯ ᠠᠮᠢ ᠠᠬᠤᠢ ᠶᠢᠨ ᠵᠢᠭᠤᠯᠴᠢᠯᠠᠯ ᠤᠨ | ᠣᠷᠣᠨ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠮᠧᠩ ᠼᠤᠤ ︽ᠡᠪᠡᠰᠦ ᠪᠡᠯᠴᠢᠭᠡᠷ ᠤᠨ ᠦᠵᠡᠰᠬᠦᠯᠡᠩ ᠤᠨ | ᠬᠦᠷᠢᠶᠡᠯᠡᠩ︾᠂ ᠰᠠᠢ ᠸᠠᠢ ᠲᠤᠤ ᠶᠤᠸᠠᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠵᠡᠷᠭᠡ ᠲᠤᠰ ᠲᠤᠰ ᠤᠨ ᠣᠨᠴᠠᠯᠢᠭ ᠲᠠᠢ ᠵᠢᠭᠤᠯᠴᠢᠯᠠᠯ ᠤᠨ | ᠦᠵᠡᠮᠵᠢ ᠶᠢᠨ ᠣᠷᠣᠨ ᠢ ᠪᠤᠶᠢᠵᠢᠭᠤᠯᠪᠠ᠃ 7 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠵᠤ᠂ ᠠᠮᠢ ᠠᠬᠤᠢ ᠶᠢᠨ ᠣᠶᠢᠯᠠᠭᠠᠯᠲᠠ᠂ | ᠠᠵᠤ ᠦᠢᠯᠡᠳᠪᠦᠷᠢ ᠶᠢᠨ ᠵᠢᠭᠤᠯᠴᠢᠯᠠᠯ᠂ ᠪᠡᠶ᠎ᠡ ᠶᠢᠨ ᠲᠠᠮᠢᠷ ᠡᠷᠡᠭᠦᠯ ᠴᠢᠭᠢᠷᠠᠭ᠂ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠰᠣᠳᠣᠯᠣᠨ | ᠰᠤᠷᠤᠯᠴᠠᠯᠭ᠎ᠠ ᠶᠢ ᠨᠢᠭᠡ ᠴᠤᠬᠴᠠᠵᠢᠭᠤᠯᠤᠬᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠦ᠂ ᠵᠢᠭᠤᠯᠴᠢᠯᠠᠯ ᠤᠨ ᠠᠵᠤ | ᠦᠢᠯᠡᠰ ᠥᠷᠨᠢᠩᠭᠦᠢ ᠬᠥᠭᠵᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠪᠠ | ᠃ | | | | | ᠴᠠᠨ᠎ᠠ ᠴᠡᠴᠡᠭ ᠪᠣᠯ ᠳᠤᠮᠳᠠᠳᠤ ᠤᠯᠤᠰ ᠤᠨ ᠵᠢᠷᠭᠤᠭᠠᠨ ᠲᠣᠮᠣ ᠨᠠᠷᠠᠲᠤ ᠴᠡᠴᠡᠭ ᠤᠨ ᠨᠢᠭᠡ᠂ ᠥᠪᠥᠷ ᠮᠣᠩᠭᠤᠯ ᠪᠣᠯ ᠴᠠᠨ᠎ᠠ ᠴᠡᠴᠡᠭ ᠤᠨ ᠤᠤᠭᠠᠯ | ᠭᠠᠷᠤᠯᠲᠠ ᠶᠢᠨ ᠭᠠᠵᠠᠷ᠂ ᠬᠤᠷᠢᠨᠭᠡᠷ ᠰᠢᠶᠠᠨ ᠳᠤ ᠠᠯᠢ ᠡᠷᠲᠡ ᠠᠴᠠ ᠴᠠᠨ᠎ᠠ ᠡᠮ ᠢᠶᠠᠷ ᠨᠡᠷᠡᠶᠢᠳᠦᠭᠰᠡᠨ ︽ᠶᠡᠭᠡ ᠪᠠᠭ᠎ᠠ ᠴᠠᠨ᠎ᠠ ᠴᠡᠴᠡᠭ ᠤᠨ ᠭᠤᠤ︾ ᠵᠡᠷᠭᠡ | ᠠᠶᠢᠯ ᠲᠣᠰᠬᠤᠨ ᠪᠠᠶᠢᠳᠠᠭ᠃ ᠬᠤᠷᠢᠨᠭᠡᠷ ᠤᠨ ᠨᠠᠨᠱᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ 550 ᠮᠦ ᠰᠢᠬᠠᠮ ᠴᠠᠨ᠎ᠠ ᠴᠡᠴᠡᠭ ᠡᠮ ᠲᠠᠷᠢᠵᠤ᠂ | 120 ᠭᠠᠷᠤᠢ ᠴᠠᠨ᠎ᠠ ᠴᠡᠴᠡᠭ ᠤᠨ ᠰᠢᠨ᠎ᠡ ᠲᠦᠷᠦᠯ ᠵᠦᠢᠯ ᠢ ᠣᠷᠣᠭᠤᠯᠪᠠ᠂ ᠡᠭᠦᠨ ᠳᠤ ︽ᠠᠯᠳᠠᠨ ᠪᠦᠰᠡᠯᠡᠭᠦᠷ︾᠂ ︽ᠡᠩᠭᠡᠰᠬᠡᠨ ᠬᠠᠰ︾᠂ ︽ᠬᠠᠰ ᠤᠨ | ᠲᠠᠪᠠᠭ ᠤᠨ ᠲᠣᠰᠬᠤᠭᠤᠷ︾ ᠵᠡᠷᠭᠡ ᠬᠤᠪᠣᠷ ᠴᠤᠬᠠᠭ ᠲᠦᠷᠦᠯ ᠵᠦᠢᠯ ᠤᠯᠠᠨ ᠪᠤᠢ᠃ ᠵᠢᠯ ᠪᠦᠷᠢ ᠶᠢᠨ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ | ᠰᠡᠭᠦᠯᠴᠢ ᠪᠣᠯᠲᠠᠯ᠎ᠠ᠂ ᠴᠠᠨ᠎ᠠ ᠴᠡᠴᠡᠭ ᠥᠩᠭᠡ ᠪᠤᠯᠢᠶᠠᠯᠳᠤᠨ ᠳᠡᠯᠭᠡᠷᠡᠳᠡᠭ᠂ ᠡᠨᠡ ᠪᠣᠯ ᠬᠠᠮᠤᠭ ᠰᠠᠶᠢᠨ ᠴᠠᠨ᠎ᠠ ᠴᠡᠴᠡᠭ ᠤᠨ ᠦᠵᠡᠮᠦᠷᠢ ᠶᠢᠨ ᠴᠠᠭ ᠶᠤᠮ᠃ | ᠬᠤᠷᠢᠨᠭᠡᠷ ᠰᠢᠶᠠᠨ ᠴᠡᠴᠡᠭ ᠢᠶᠠᠷ ᠵᠠᠭᠤᠴᠢ ᠪᠣᠯᠭᠠᠵᠤ᠂ 2010 ᠣᠨ ᠠᠴᠠ ᠨᠠᠰᠢ᠂ ᠠᠷᠪᠠᠨ ᠭᠤᠷᠪᠠᠳᠤᠭᠠᠷ ᠬᠤᠭᠤᠴᠠᠭᠠᠨ ᠤ ︽ᠴᠠᠨ᠎ᠠ ᠴᠡᠴᠡᠭ ᠤᠨ ᠰᠣᠶᠣᠯ | ᠵᠢᠭᠤᠯᠴᠢᠯᠠᠯ ᠤᠨ ᠨᠠᠶᠢᠷ︾ ᠢ ᠠᠮᠵᠢᠯᠲᠠ ᠲᠠᠢ ᠡᠷᠬᠢᠯᠡᠵᠦ᠂ ᠨᠡᠯᠢᠶᠡᠳ ᠥᠨᠳᠥᠷ ᠠᠯᠳᠠᠷᠰᠢᠯ ᠲᠠᠢ ᠪᠥᠭᠡᠳ ᠨᠥᠯᠥᠭᠡᠯᠡᠬᠦ ᠬᠦᠴᠦᠨ ᠲᠠᠢ ︽ᠬᠤᠳᠠ ᠶᠢᠨ | ᠲᠡᠭᠦᠷᠭᠡ ᠶᠢᠨ ᠵᠢᠭᠤᠯᠴᠢᠯᠠᠯ ᠤᠨ ᠦᠵᠡᠮᠵᠢᠲᠦ ᠣᠷᠴᠢᠨ ᠳᠠᠬᠢ ᠴᠡᠴᠡᠭ ᠤᠨ ᠳᠠᠯᠠᠢ ᠪᠠ ᠤᠢ︾ ᠭᠡᠬᠦ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠲᠦᠷᠦᠯ | ᠲᠡᠮᠲᠡᠭᠲᠦ ᠶᠢ ᠡᠭᠦᠳᠴᠦ᠂ ᠬᠤᠷᠢᠨᠭᠡᠷ ᠤᠨ ᠠᠵᠤ ᠠᠬᠤᠢ ᠶᠢᠨ ᠬᠥᠭᠵᠢᠯᠲᠡ ᠶᠢᠨ ᠦᠪᠡᠳᠡᠭᠰᠢ ᠨᠠᠶᠢᠷ᠂ ᠬᠤᠳᠠ ᠶᠢᠨ ᠲᠦᠷᠢ ᠲᠥᠷᠬᠦ ᠶᠢᠨ ᠴᠣᠩᠬᠤ᠂ ᠠᠮᠢ | ᠠᠬᠤᠢ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ | ᠲᠣᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠨᠠᠶᠢᠷ ᠲᠤ ᠮᠥᠨ ᠯᠡ ︽ᠬᠤᠲᠠ ᠶᠢᠨ ᠲᠡᠭᠦᠷᠭᠡ ᠳᠤ ᠴᠡᠴᠡᠭ ᠰᠣᠨᠢᠷᠬᠠᠬᠤ | ᠨᠠᠷᠠᠲᠤ ᠲᠡᠮᠲᠡᠭᠲᠦ︾ ᠶᠢ ᠭᠤᠤᠯᠯᠠᠨ ᠲᠣᠭᠯᠠᠵᠤ᠂ ᠴᠡᠴᠡᠭ ᠰᠣᠨᠢᠷᠬᠠᠬᠤ ᠠᠵᠢᠯᠯᠠᠭ᠎ᠠ ᠪᠠᠷ ᠭᠤᠤᠯ ᠰᠢᠵᠢᠮ ᠪᠣᠯᠭᠠᠵᠤ᠂ ᠵᠤᠭᠠᠴᠠᠭᠰᠠᠳ ᠴᠠᠨ᠎ᠠ ᠴᠡᠴᠡᠭ ᠤᠨ | ᠲᠡᠯᠡᠶ ᠳᠤ ᠵᠣᠭᠰᠣᠨ᠂ ᠡᠶᠡᠪᠡᠷᠭᠦᠤ ᠨᠡᠷᠡᠨ ᠤ ᠬᠡᠷᠡᠯ ᠳᠤ ᠡᠭᠡᠭᠡᠵᠦ᠂ ᠮᠤᠷᠤᠶ ᠵᠠᠮ ᠢᠶᠠᠷ ᠵᠠᠯᠭᠠᠯᠳᠤᠭᠰᠠᠨ ᠴᠡᠴᠡᠷᠯᠢᠭ ᠤᠨ ᠵᠥᠷᠢᠭ ᠵᠠᠮ ᠢᠶᠠᠷ ᠠᠯᠬᠤᠯᠠᠨ᠂ | ᠰᠢᠪᠠᠭᠤᠳ ᠤᠨ ᠳᠣᠩᠭᠤᠳᠬᠤ ᠴᠡᠴᠡᠭ ᠤᠨ ᠳᠤᠮᠳᠠ ᠡᠷᠭᠢᠴᠡᠵᠦ᠂ ᠡᠮᠦᠨ᠎ᠡ ᠠᠭᠤᠯᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠡᠳ᠋ᠯᠡᠨ᠎ᠡ᠃ ᠲᠣᠰ | ᠠᠵᠢᠯᠯᠠᠭ᠎ᠠ ᠶᠢᠨ ᠠᠭᠤᠯᠭ᠎ᠠ ᠨᠢ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠰᠣᠶᠣᠯ ᠤᠨ ᠰᠣᠯᠢᠯᠴᠠᠭ᠎ᠠ᠂ ᠬᠠᠷᠢᠯᠴᠠᠨ ᠰᠢᠭᠢᠳᠬᠡᠭᠰᠡᠨ ᠬᠥᠭᠵᠢᠯᠲᠡ᠂ | ᠨᠠᠷᠠᠲᠤ ᠲᠡᠮᠳᠡᠭᠲᠦ ᠶᠢᠨ ᠳᠡᠯᠭᠡᠷᠡᠭᠦᠯᠦᠯᠲᠡ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠢᠳᠡᠵᠦ ᠤᠤᠭᠤᠬᠤ ᠬᠤᠳᠠᠯᠳᠤᠨ ᠠᠪᠬᠤ ᠵᠤᠭ᠎ᠠ ᠴᠡᠩᠭᠡᠯ ᠵᠡᠷᠭᠡ | ᠣᠯᠠᠨ ᠬᠦᠷᠢᠶ᠎ᠡ ᠶᠢ ᠬᠠᠮᠤᠷᠴᠤ᠂ ᠪᠠᠰᠠ ︽ᠬᠤᠸᠠᠷ ᠫᠤᠤᠵᠢᠩ ᠤᠨ ᠦᠵᠡᠭᠦᠯᠭᠡ︾ ︽ᠬᠡᠷᠡᠯ ᠰᠡᠭᠦᠳᠡᠷ ᠤᠨ ᠦᠵᠡᠭᠦᠯᠭᠡ︾ ᠵᠡᠷᠭᠡ ᠶᠢ ᠴᠦ ᠭᠤᠶᠢᠳᠠ ᠰᠠᠶᠢᠬᠠᠨ | ᠢᠯᠡᠷᠡᠭᠦᠯᠵᠦ᠂ ᠦᠵᠡᠭᠴᠢᠳ ᠲᠤ ᠴᠣ᠋ ᠰᠢᠨ᠎ᠡ ᠣᠶᠢᠯᠠᠭᠠᠯᠲᠠ ᠣᠯᠭᠤᠬᠤ ᠪᠣᠯᠤᠨ᠎ᠠ᠃ | | |  ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ | |