︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠥᠬᠡᠬᠤᠲᠠ ᠶᠢᠨ | ᠰᠢᠨ᠎ᠡ ᠡᠨᠧᠷᠭᠢ ᠶᠢᠨ ᠠᠵᠢᠯ ᠲᠦᠷᠦᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠬᠤ ᠶᠡᠭᠡ ᠬᠤᠷᠠᠯ ᠢ ᠬᠤᠷᠠᠯᠳᠤᠭᠤᠯᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠭᠦᠸᠧ ᠬᠤᠸᠠ | ᠣᠷᠣᠯᠴᠠᠵᠠᠢ᠃ | ᠬᠤᠷᠠᠯ ᠳᠡᠭᠡᠷ᠎ᠡ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠠᠵᠤ ᠦᠢᠯᠡᠰ ᠤᠨ | ᠲᠠᠨᠢᠯᠴᠠᠭᠤᠯᠭ᠎ᠠ ᠬᠢᠵᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠵᠤ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠰᠢᠭᠤᠳ ᠬᠠᠷᠢᠶ᠎ᠠ ᠬᠤᠳᠠᠯᠳᠤᠭᠠᠴᠢᠳ ᠤᠨ ᠡᠪᠯᠡᠯ ᠤᠨ ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠪᠠᠷ | ᠰᠣᠩᠭᠤᠭᠳᠠᠭᠰᠠᠨ ᠯᠢ ᠶᠦᠩ ᠱᠧᠩ ᠭᠡᠷ᠎ᠡ ᠲᠣᠭᠲᠠᠭᠰᠠᠨ ᠲᠠᠶᠢᠯᠤᠮᠵᠢ ᠬᠢᠪᠡ᠃ ᠵᠢᠶᠠᠩᠰᠤ ᠶᠢᠨ ᠺᠠᠢ ᠸᠧ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠴᠤᠸᠠᠩ ᠸᠧᠢ ᠰᠢᠨ᠎ᠡ | ᠡᠨᠧᠷᠭᠢ ᠬᠢᠭᠡᠳ ᠥᠪᠥᠷ ᠮᠣᠩᠭᠤᠯ ᠤᠨ ᠬᠤᠩ ᠹᠧᠩ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠯᠢᠩ ᠫᠣᠣ ᠰᠢᠨ᠎ᠡ ᠡᠨᠧᠷᠭᠢ ᠶᠢᠨ ᠺᠤᠮᠫᠠᠨᠢ ᠬᠢᠬᠡᠳ ᠬᠥᠬᠡᠬᠤᠲᠠ ᠶᠢᠨ | ᠯᠢᠩ ᠹᠧᠢ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠠᠴᠠ ᠰᠣᠩᠭᠤᠭᠳᠠᠭᠰᠠᠨ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠨᠠᠷ ᠲᠤ ᠫᠠᠶᠢᠰᠠ ᠣᠯᠭᠤᠵᠠᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |