ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ ᠰᠣᠩᠭᠤᠭᠳᠠᠪᠠ
ᠨᠡᠶᠢᠲᠡᠯᠡᠭᠰᠡᠨ ᠴᠠᠭ᠄
2023/5/26
      ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠨ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠶᠢᠨ ᠲᠥᠯᠥᠭᠡ᠂ ᠮᠠᠨ ᠤ ᠬᠤᠲᠠ ᠢᠳᠡᠪᠬᠢᠲᠡᠢ ᠭᠤᠶᠤᠴᠢᠯᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ ᠰᠣᠩᠭᠤᠭᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠯᠪᠠᠨ ᠪᠢᠴᠢᠭ ᠭᠠᠷᠭᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠲᠠᠨᠢᠯᠴᠠᠭᠤᠯᠵᠤ᠂ ᠤᠯᠤᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠤᠶᠤᠴᠢᠯᠠᠬᠤ ᠬᠤᠲᠠ ᠪᠣᠯᠬᠤ ᠪᠠᠷ ᠴᠢᠷᠮᠠᠶᠢᠪᠠ᠃       ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠯᠦᠭᠡ ᠶᠢᠨ ᠠᠵᠢᠯ ᠤᠨ ᠬᠠᠷᠢᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠢᠯᠣᠭᠤᠳᠤᠯᠭ᠎ᠠ ᠪᠠ ᠳᠡᠮᠵᠢᠯᠭᠡ ᠶᠢ ᠣᠯᠵᠤ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠨ ᠠᠬᠢᠭᠤᠯᠵᠤ᠂ ᠭᠠᠷᠠᠮ ᠠᠴᠠ ᠰᠠᠯᠬᠤ ᠪᠠ ᠭᠠᠷᠠᠮ ᠳᠤ ᠪᠠᠶᠢᠭ᠎ᠠ ᠲᠤᠬᠠᠶᠢᠯᠠᠭᠰᠠᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠠᠭᠠᠭᠠᠴᠢᠯᠠᠯᠲᠠ ᠭᠥᠯᠢᠶᠡᠨ ᠠᠪᠬᠤ ᠪᠠ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠶᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ ᠤᠯᠤᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠭᠤᠶᠤᠴᠢᠯᠠᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃        ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ