2023 ᠣᠨ ᠤ ᠪᠥᠬᠦ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/5/26
      5 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠵᠦ᠂ ᠵᠣᠣ ᠵᠢᠶᠦ᠋ᠨ ᠮᠦᠽᠧᠢ ᠳᠠᠭᠠᠭᠠᠨ ᠡᠷᠭᠢᠯᠡᠭᠰᠡᠨ 2023 ᠣᠨ ᠤ ᠪᠥᠬᠦ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠩᠭᠦᠢ ᠠᠵᠢᠯᠯᠠᠭ᠎ᠠ ᠵᠣᠣ ᠵᠢᠶᠦ᠋ᠨ ᠮᠦᠽᠧᠢ ᠳᠤ ᠡᠬᠢᠯᠡᠪᠡ᠃      ᠲᠣᠰ ᠤᠳᠠᠭᠠᠨ ᠤ ᠠᠵᠢᠯᠯᠠᠭ᠎ᠠ ᠨᠢ ︽︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠯᠧᠨᠢᠨ ᠤ ᠦᠵᠡᠯ ᠤᠨ ᠣᠨᠣᠯ ᠤᠨ ᠵᠢᠭᠠᠨ ᠰᠤᠷᠭᠠᠯᠲᠠ ᠰᠣᠳᠤᠯᠭᠠᠨ ᠤ ᠬᠡᠯᠲᠡᠰ ᠤᠨ ᠯᠧᠺᠲ᠋ᠣᠷ᠂ ᠬᠥᠬᠡᠬᠤᠲᠠ ᠶᠢᠨ ᠭᠦᠨ ᠤᠬᠠᠭᠠᠨ ᠤ ᠨᠡᠶᠢᠭᠡᠮᠯᠢᠭ ᠤᠨ ᠠᠯᠪᠠᠨ ᠭᠡᠷ ᠤᠨ ᠡᠷᠬᠢᠯᠡᠭᠴᠢ ᠳ᠋ᠧᠩ ᠴᠢᠩ ᠨᠠᠨ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤ ᠴᠤᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠦᠷᠯᠢᠭ ᠰᠠᠶᠢᠬᠠᠨ ᠵᠢᠷᠤᠭ ᠢ ᠬᠠᠮᠲᠤ ᠪᠠᠷ ᠵᠢᠷᠤᠭᠯᠠᠶ᠎ᠠ︾ ᠭᠡᠬᠦ ᠭᠤᠣᠯ ᠰᠡᠳᠦᠪᠲᠦ ᠲᠠᠶᠢᠯᠤᠮᠵᠢ ᠬᠢᠯᠭᠡᠵᠡᠢ᠃      ᠳ᠋ᠧᠩ ᠴᠢᠩ ᠨᠠᠨ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠦᠨᠳᠦᠰᠦᠨ ᠤᠯᠤᠰ ᠤᠨ ᠪᠠᠶᠢᠳᠠᠯ ᠢ ᠭᠦᠨᠵᠡᠭᠡᠢ ᠡᠵᠡᠮᠳᠡᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠭᠤᠤ ᠶᠡᠭᠡ ᠠᠮᠵᠢᠯᠲᠠ ᠶᠢ ᠪᠦᠬᠦ ᠲᠠᠯ᠎ᠠ ᠪᠠᠷ ᠲᠠᠨᠢᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠲᠠᠯ᠎ᠠ ᠠᠴᠠ ᠬᠤᠷᠠᠯ ᠳᠤ ᠣᠷᠣᠯᠴᠠᠭᠰᠠᠳ ᠲᠤ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠨᠢ ᠲᠣᠳᠣᠷᠬᠠᠢ᠂ ᠵᠠᠳᠠᠯᠤᠯᠲᠠ ᠨᠢ  ᠲᠤᠭᠤᠰᠢᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤ ᠴᠤᠭᠴᠠᠯᠠᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃      ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ᠂ ᠵᠣᠣ ᠵᠢᠶᠦ᠋ᠨ ᠮᠦᠽᠧᠢ ᠶᠢᠨ ᠨᠠᠮ ᠤᠨ ᠭᠡᠰᠢᠭᠦᠨ ᠺᠠᠳ᠋ᠷ᠂ ᠬᠤᠲᠠ ᠶᠢᠨ ᠬᠠᠷᠢᠶ᠎ᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠵᠣᠣ ᠵᠢᠶᠦ᠋ᠨ ᠮᠦᠽᠧᠢ ᠶᠢᠨ ᠬᠠᠮᠲᠤ ᠪᠠᠷ ᠪᠠᠶᠢᠭᠤᠯᠬᠤ ᠨᠢᠭᠡᠴᠡ ᠶᠢᠨ  ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ