ᠤᠤᠯ ᠤᠨ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠭᠠᠳᠠᠭᠰᠢ ᠨᠡᠭᠡᠭᠡᠨ᠎ᠡ
ᠨᠡᠶᠢᠲᠡᠯᠡᠭᠰᠡᠨ ᠴᠠᠭ᠄
2023/5/26
      ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠨᠢᠭᠡ ᠬᠡᠰᠡᠭ ᠬᠤᠭᠤᠴᠠᠭ᠎ᠠ ᠪᠢᠲᠡᠭᠦᠮᠵᠢᠯᠡᠨ ᠥᠭᠡᠷᠡᠴᠢᠯᠡᠭᠰᠡᠨ ᠤ ᠳᠠᠷᠠᠭ᠎ᠠ᠂ ᠵᠢᠱᠢᠯᠲᠡ ᠪᠠᠷ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠰᠢᠨ᠎ᠡ ᠥᠩᠭᠡ ᠲᠥᠷᠰᠦ ᠪᠠᠷ ᠣᠯᠠᠨ ᠲᠠᠢ ᠵᠣᠯᠭᠠᠬᠤ ᠪᠠᠷ ᠪᠠᠶᠢᠨ᠎ᠠ ᠃ ᠣᠶᠢᠯᠠᠭᠠᠭᠰᠠᠨ ᠢᠶᠠᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠨᠡᠷ᠎ᠡ ᠶᠢ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠭᠡᠵᠦ ᠬᠠᠯᠠᠭᠰᠠᠨ ᠪᠠᠶᠢᠨ᠎ᠠ᠃      ᠥᠴᠥᠭᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡᠨ ᠤ ᠲᠥᠪ ᠲᠤ ᠲᠣᠨᠤᠭ ᠲᠥᠬᠦᠭᠡᠷᠦᠮᠵᠢ ᠨᠢ ᠴᠣ ᠰᠢᠨ᠎ᠡ᠂ ᠵᠠᠰᠠᠵᠤ ᠥᠭᠡᠷᠡᠴᠢᠯᠡᠭᠰᠡᠨ ᠤ ᠳᠠᠷᠠᠭᠠᠬᠢ ᠣᠷᠴᠢᠨ ᠲᠣᠭᠤᠷᠢᠨ ᠨᠢ ᠨᠠᠩ ᠢᠯᠡᠭᠦᠦ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠲᠠᠢ ᠪᠣᠯᠤᠭᠰᠠᠨ ᠢ ᠣᠯᠵᠤ ᠬᠠᠷᠠᠯ᠎ᠠ᠃ ᠬᠥᠬᠡᠬᠤᠲᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠠᠯᠪᠠᠨ ᠭᠡᠷ ᠤᠨ ᠬᠠᠷᠢᠭᠤᠴᠠᠯᠭᠠᠲᠠᠨ ᠵᠠᠩ ᠵᠢᠩ ᠴᠢ ᠬᠡᠯᠡᠬᠦ ᠳᠡᠭᠡᠨ᠄ ︽ᠬᠥᠬᠡᠬᠤᠲᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠢ 1953 ᠣᠨ ᠳᠤ ᠠᠩᠬ᠎ᠠ ᠪᠠᠶᠢᠭᠤᠯᠵᠤ᠂ 1984 ᠣᠨ ᠳᠤ ᠨᠢᠭᠡ ᠤᠳᠠᠭ᠎ᠠ ᠰᠢᠨᠡᠳᠬᠡᠵᠦ ᠥᠩᠭᠡᠷᠡᠵᠡᠢ᠂ ᠣᠣᠯ ᠳᠠᠭᠠᠨ ᠶᠡᠭᠡ ᠵᠠᠰᠠᠮᠠᠯ ᠵᠠᠮ ᠤᠨ ᠪᠡᠶ᠎ᠡ ᠶᠢᠨ ᠲᠠᠮᠢᠷ ᠤᠨ ᠲᠠᠯᠠᠪᠠᠢ᠂ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠢ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠭᠡᠵᠦ ᠨᠡᠷᠡᠯᠡᠵᠦ ᠪᠠᠶᠢᠪᠠ᠂ ᠤᠳᠤ ᠵᠢᠩᠬᠢᠨᠢ ᠪᠠᠷ ᠨᠡᠷ᠎ᠡ ᠪᠠᠨ ᠬᠠᠯᠠᠪᠠ᠃ ᠤᠯᠠᠨ ᠲᠦᠮᠡᠨ ᠳᠤ ᠨᠡᠩ ᠰᠠᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠶᠢᠨ ᠲᠦᠯᠦᠭᠡ᠂ ᠪᠢᠳᠡ ᠨᠢᠳᠤᠨᠤᠨ ᠤ ᠵᠢᠯ ᠤᠨ ᠲᠤᠮᠳᠠᠴᠢ ᠳᠤ ᠡᠭᠦᠳᠡ ᠪᠠᠨ ᠬᠠᠭᠠᠵᠤ ᠥᠭᠡᠷᠡᠴᠢᠯᠡᠨ ᠵᠠᠰᠠᠭᠰᠠᠨ ᠶᠤᠮ᠂ ᠭᠤᠣᠯᠳᠠᠭᠤ ᠭᠦᠶᠦᠯᠲᠡ ᠶᠢᠨ ᠵᠠᠮ᠂ ᠬᠥᠯ ᠪᠥᠮᠪᠦᠭᠡ ᠶᠢᠨ ᠲᠠᠯᠠᠪᠤᠷ ᠢ ᠰᠢᠨᠡᠴᠢᠯᠡᠵᠡᠢ᠂ ᠵᠢᠱᠢᠯᠲᠡ ᠪᠠᠷ 6  ᠳ᠋ᠤᠭᠠᠷ ᠰᠠᠷ᠎ᠠ ᠶᠢᠨ 1 ᠤ ᠡᠳᠦᠷ ᠵᠢᠩᠬᠢᠨᠢ ᠪᠠᠷ ᠭᠠᠳᠠᠭᠰᠢ ᠨᠡᠭᠡᠭᠡᠨ᠎ᠡ᠂ ᠤᠯᠠᠨ ᠢᠶᠠᠷ ᠢᠶᠠᠨ ᠲᠠᠯᠠᠪᠠᠢ ᠳᠤ ᠣᠷᠣᠵᠤ ᠦᠨ᠎ᠡ ᠲᠦᠯᠦᠪᠦᠷᠢ ᠦᠭᠡᠢ ᠪᠠᠷ ᠪᠡᠶ᠎ᠡ ᠪᠠᠨ ᠪᠣᠯᠪᠠᠰᠤᠷᠠᠭᠤᠯᠵᠤ ᠪᠣᠯᠤᠨ᠎ᠠ︾ ᠭᠡᠵᠦ ᠪᠠᠶᠢᠯ᠎ᠠ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠨᠡᠭᠡᠭᠡᠬᠦ ᠴᠠᠭ ᠨᠢ 6 ᠴᠠᠭ ᠠᠴᠠ 20 ᠴᠠᠭ᠂ ᠦᠳᠡ ᠳᠤ ᠠᠮᠠᠷᠠᠬᠤ ᠦᠭᠡᠢ᠃ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠬᠡᠷᠡᠭᠯᠡᠭᠡᠨ ᠤ ᠭᠠᠵᠠᠷ ᠤᠨ ᠲᠠᠯᠠᠪᠠᠶ ᠨᠢ 10.2 ᠲᠦᠮᠡᠨ ᠲᠡᠭᠰᠢ ᠳᠥᠷᠪᠡᠯᠵᠢᠨ ᠮᠧᠲᠷ᠂ ᠡᠵᠡᠯᠡᠬᠦ ᠲᠠᠯᠠᠪᠠᠶ ᠨᠢ 35000 ᠲᠡᠭᠰᠢ ᠳᠥᠷᠪᠡᠯᠵᠢᠨ ᠮᠧᠲᠷ᠂ 2.5 ᠲᠦᠮᠡᠨ ᠰᠠᠭᠤᠳᠠᠯ ᠲᠠᠢ᠂ ᠲᠠᠯᠠᠪᠤᠷ ᠲᠤ ᠪᠠᠷᠢᠮᠵᠢᠶ᠎ᠠ ᠬᠥᠯ ᠪᠥᠮᠪᠦᠭᠡ ᠶᠢᠨ ᠲᠠᠯᠠᠪᠤᠷ᠂ 400 ᠮᠧᠲᠷ ᠤᠨ ᠬᠦᠨᠳᠦ ᠬᠥᠩᠭᠡᠨ ᠪᠡᠶ᠎ᠡ ᠲᠠᠮᠢᠷ ᠤᠨ ᠭᠦᠶᠦᠯᠲᠡ ᠶᠢᠨ ᠵᠠᠮ᠂ ᠵᠠᠳᠠᠭᠠᠢ ᠰᠠᠭᠰᠤᠨ ᠪᠥᠮᠪᠦᠭᠡ ᠶᠢᠨ ᠲᠠᠯᠠᠪᠤᠷ ᠵᠢᠴᠢ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠲᠠᠯᠠᠪᠤᠷ ᠲᠠᠢ᠃ ᠨᠡᠭᠡᠭᠡᠯᠲᠡ ᠬᠢᠭᠰᠡᠨ ᠤ ᠳᠠᠷᠠᠭ᠎ᠠ᠂ ᠵᠢᠱᠢᠯᠲᠡ ᠪᠠᠷ ᠡᠳᠦᠷ ᠳᠤᠮᠳᠠᠴᠢ ᠪᠠᠷ ᠪᠠᠭ᠎ᠠ ᠳᠠᠭᠠᠨ 2000 ᠬᠥᠮᠥᠨ ᠢ ᠬᠦᠯᠢᠶᠡᠨ ᠠᠪᠬᠤ ᠪᠣᠯᠤᠨ᠎ᠠ᠃      ᠵᠠᠩ ᠵᠢᠩ ᠴᠢ ᠬᠡᠯᠡᠬᠦ ᠳᠡᠭᠡᠨ ︽ᠡᠨᠡ ᠨᠢᠭᠡ ᠵᠢᠯ ᠤᠨ ᠬᠤᠭᠤᠴᠠᠭᠠᠨ ᠳᠤ᠂ ᠪᠢᠳᠡ ᠠᠵᠢᠯ ᠪᠠᠨ ᠴᠢᠷᠮᠠᠶᠢᠨ ᠠᠬᠢᠭᠤᠯᠵᠤ᠂ ᠡᠨᠡ ᠵᠤᠨ ᠬᠤᠳᠠ ᠶᠢᠨ ᠠᠷᠠᠳ ᠲᠤ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠣᠷᠴᠢᠨ ᠲᠣᠭᠤᠷᠢᠨ ᠢ  ᠡᠭᠦᠳᠴᠦ ᠥᠭᠬᠦ ᠶᠢ ᠵᠣᠷᠢᠵᠠᠢ᠂ ᠤᠯᠠᠨ ᠢᠶᠠᠷ ᠢᠶᠠᠨ ᠮᠠᠨ ᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠠᠨᠳᠢᠩᠨᠠᠵᠤ᠂ ᠲᠠᠯᠠᠪᠤᠷ ᠲᠥᠬᠦᠭᠡᠷᠦᠮᠵᠢ ᠶᠢ ᠬᠠᠶᠢᠷᠠᠯᠠᠵᠤ᠂ ᠪᠦᠬᠦ ᠠᠷᠠᠳ ᠢᠶᠠᠷ ᠢᠶᠠᠨ ᠨᠡᠩ ᠰᠠᠶᠢᠨ ᠬᠦᠷᠲᠡᠭᠡᠯ ᠲᠠᠢ ᠪᠣᠯᠬᠤ ᠶᠢ ᠰᠠᠨᠠᠭᠠᠴᠢᠯᠠᠵᠤ ᠪᠠᠶᠢᠨ᠎ᠠ︾ ᠭᠡᠯ᠎ᠡ ᠃    ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ