2023 ᠣᠨ ᠤ ᠪᠥᠬᠦ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠡᠮᠡᠭᠳᠡᠶᠢᠴᠦᠳ ᠤᠨ ᠵᠢᠱᠢᠶᠡᠴᠢ ᠶᠢᠨ ᠠᠵᠢᠯ ᠤᠨ ᠪᠠᠶᠢᠷᠢ ︵ᠵᠢᠱᠢᠶᠡᠴᠢ︶ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/29
      ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 27  ᠤ ᠡᠳᠦᠷ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ 2023 ᠣᠨ ᠤ ᠪᠦᠬᠦ ᠬᠤᠳᠠ ᠶᠢᠨ  ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ ᠵᠢᠱᠢᠶᠡᠴᠢ ᠶᠢᠨ ᠠᠵᠢᠯ ᠤᠨ ᠪᠠᠶᠢᠷᠢ ︵ᠵᠢᠱᠢᠶᠡᠴᠢ︶ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠦᠨ ᠢᠦᠢ ᠮᠧᠶ ᠬᠤᠷᠠᠯ ᠳᠤ ᠣᠷᠣᠯᠴᠠᠪᠠ᠃      ᠬᠤᠷᠠᠯ ᠠᠴᠠ ᠬᠡᠰᠡᠭ ᠲᠡᠷᠢᠭᠦᠨ ᠤ ᠬᠤᠪᠢ ᠬᠥᠮᠥᠨ ᠪᠣᠯᠣᠨ ᠬᠠᠮᠲᠤ ᠨᠡᠶᠢᠲᠡ ᠶᠢᠨ ᠲᠥᠯᠥᠭᠡᠯᠡᠭᠴᠢᠳ ᠲᠤ ᠦᠨᠡᠮᠯᠡᠯ ᠣᠯᠭᠤᠵᠤ ᠱᠠᠩᠨᠠᠯ ᠤᠨ ᠮᠧᠳᠠᠯ ᠵᠡᠭᠦᠯᠭᠡᠵᠡᠢ᠃ ᠪᠥᠬᠦ ᠬᠤᠲᠠ ᠶᠢᠨ ᠨᠡᠶᠢᠲᠡ 80 ᠬᠠᠮᠲᠤ ᠨᠡᠶᠢᠲᠡ᠂ 118 ᠬᠤᠪᠢ ᠬᠥᠮᠥᠨ ᠲᠣᠰ ᠲᠣᠰ 2023 ᠣᠨ ᠤ ᠬᠥᠬᠡᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ ᠵᠢᠱᠢᠶᠡᠴᠢ ᠶᠢᠨ ᠠᠵᠢᠯ ᠤᠨ ᠪᠠᠶᠢᠷᠢ᠂ ᠬᠥᠬᠡᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ ᠵᠢᠱᠢᠶᠡᠴᠢ ᠪᠠᠷ ᠰᠣᠩᠭᠤᠭᠳᠠᠵᠠᠢ᠃      ᠬᠤᠷᠠᠯ ᠠᠴᠠ ᠵᠢᠭᠠᠬᠤ ᠳᠠᠭᠠᠨ᠂ 2023 ᠣᠨ ᠤ ᠪᠦᠬᠦ ᠬᠤᠳᠠ ᠶᠢᠨ  ᠲᠠᠪᠤᠨ ᠰᠠᠷ᠎ᠠ ᠶᠢᠨ ᠨᠢᠭᠡᠨ  ᠤ ᠡᠮᠡᠭᠲᠡᠶᠢᠴᠦᠳ ᠤᠨ ᠵᠢᠱᠢᠶᠡᠴᠢ ᠶᠢᠨ ᠠᠵᠢᠯ ᠤᠨ ᠪᠠᠶᠢᠷᠢ ︵ᠵᠢᠱᠢᠶᠡᠴᠢ︶  ᠪᠠᠷ ᠰᠤᠩᠭᠤᠭᠳᠠᠭᠰᠠᠨ ᠲᠡᠷᠢᠭᠦᠨ ᠤ ᠬᠤᠪᠢ ᠬᠥᠮᠥᠨ ᠪᠠ ᠬᠠᠮᠲᠤ ᠨᠡᠶᠢᠲᠡ  ᠪᠣᠳᠠᠲᠤ ᠠᠵᠢᠯᠯᠠᠭ᠎ᠠ ᠪᠠᠷ ᠢᠶᠠᠨ ᠬᠥᠳᠡᠯᠮᠦᠷᠢ ᠢᠷᠠᠭᠤ ᠠᠯᠳᠠᠷᠲᠠᠢ᠂ ᠮᠡᠳᠡᠯᠭᠡ ᠡᠷᠬᠢᠮ ᠳᠡᠭᠡᠳᠦ᠂ ᠴᠢᠳᠠᠪᠤᠷᠢᠲᠠᠨ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ  ᠭᠡᠬᠦ ᠦᠷᠳᠡᠭ ᠤᠨ ᠬᠥᠭᠡᠭᠡᠴᠡᠯᠳᠦᠯ ᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠡᠮᠡᠭᠲᠡᠢ ᠠᠵᠢᠯᠲᠠᠨ ᠠᠵᠢᠯᠴᠢᠨ ᠤ ᠡᠮᠡᠭᠲᠡᠶᠢᠴᠦᠳ ᠤᠨ ᠬᠦᠴᠦᠨ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠡᠮᠡᠭᠲᠡᠢ ᠠᠵᠢᠯᠲᠠᠨ ᠠᠵᠢᠯᠴᠢᠨ ᠳᠤ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ ᠭᠡᠪᠡ᠃    ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ