︵ᠰᠤᠷᠪᠤᠯᠵᠢᠯᠠᠭᠴᠢ ᠶᠠᠩ ᠼᠠᠢ ᠰᠢᠶᠠ︶ 5 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠠᠷᠢᠯᠭ᠎ᠠ ᠡᠬᠢᠯᠡᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠰᠠᠶᠢᠬᠠᠨ ᠲᠣᠭᠤᠷᠢᠭ ᠤᠨ ᠹᠧᠩᠵᠸᠤ ᠡᠮᠦᠨ᠎ᠡ ᠵᠠᠮ ᠠᠴᠠ ᠵᠡᠭᠦᠨᠰᠢ᠂ ᠪᠦᠦ | ᠴᠢᠤᠸᠠᠨ ᠵᠡᠭᠡᠯᠢ ᠠᠴᠠ ᠬᠤᠶᠢᠰᠢ ᠪᠣᠢ᠃ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ | ᠨᠢ 45000 ᠲᠡᠭᠰᠢ ᠳᠥᠷᠪᠡᠯᠵᠢᠨ ᠮᠧᠲᠷ᠂ ᠡᠭᠦᠨ ᠳᠤ᠂ ᠭᠠᠵᠠᠷ ᠳᠡᠭᠡᠷᠡᠬᠢ ᠪᠠᠷᠢᠯᠭ᠎ᠠ ᠶᠢᠨ ᠲᠠᠯᠠᠪᠠᠶ ᠨᠢ 35000 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ | ᠪᠠᠷᠢᠯᠭ᠎ᠠ ᠶᠢᠨ ᠲᠠᠯᠠᠪᠠᠶ ᠨᠢ 10000 ᠲᠡᠭᠰᠢ ᠳᠥᠷᠪᠡᠯᠵᠢᠨ ᠮᠧᠲᠷ ᠪᠣᠯᠣᠨ᠎ᠠ᠃ ᠪᠦᠲᠦᠭᠡᠨ ᠪᠠᠶᠢᠭᠤᠯᠬᠤ ᠠᠭᠤᠯᠭ᠎ᠠ ᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ | ᠂ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠰᠣᠶᠣᠯ ᠲᠠᠮᠢᠷ ᠤᠨ ᠠᠰᠠᠷ᠂ ᠣᠯᠠᠨ ᠴᠢᠳᠠᠪᠬᠢᠲᠦ ᠠᠰᠠᠷ ᠢ ᠪᠠᠭᠲᠠᠭᠠᠬᠤ ᠶᠢᠨ ᠬᠠᠮᠲᠤ᠂ ᠭᠡᠷ ᠤᠨ ᠭᠠᠳᠠᠨᠠᠬᠢ | ᠲᠠᠮᠢᠷ ᠤᠨ ᠲᠠᠯᠠᠨᠪᠤᠷ ᠵᠢᠴᠢ ᠵᠣᠬᠢᠬᠤ ᠨᠣᠭᠤᠭᠠᠷᠠᠭᠤᠯᠬᠤ᠂ ᠬᠠᠲᠠᠭᠤᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ᠂ ᠢᠯᠴᠢ ᠵᠡᠷᠭᠡ ᠪᠡᠯᠡᠳᠬᠡᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠵᠢᠱᠢᠯᠲᠡ ᠪᠠᠷ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠳᠡᠳ᠋ ᠵᠠᠬᠢᠷᠤᠯ ᠯᠢᠦ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠬᠤᠪᠢᠶᠠᠷᠢ | ᠰᠤᠷᠭᠠᠭᠤᠯᠢ ᠨᠢ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠤᠶᠠᠷ ᠰᠤᠷᠤᠯᠭ᠎ᠠ ᠶᠢᠨ ᠱᠠᠲᠤ ᠶᠢ ᠪᠠᠭᠲᠠᠭᠠᠭᠰᠠᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃ ᠨᠡᠶᠢᠲᠡ 72 ᠵᠢᠭᠠᠨ ᠰᠤᠷᠭᠠᠯᠲᠠ ᠶᠢᠨ ᠠᠩᠭᠢ ᠪᠠᠷ ᠲᠥᠯᠥᠪᠯᠡᠨ᠂ ᠡᠭᠦᠨ ᠤ ᠳᠣᠲᠣᠷ᠎ᠠ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠠᠩᠭᠢ 24᠂ ᠪᠠᠭ᠎ᠠ ᠰᠤᠷᠭᠠᠭᠤᠯᠢ ᠶᠢᠨ ᠠᠩᠭᠢ 48 ᠪᠣᠶ᠃ | ᠲᠣᠰ ᠰᠤᠷᠭᠠᠭᠤᠯᠢ ᠶᠢ ᠪᠠᠶᠢᠭᠤᠯᠤᠨ ᠭᠡᠷᠡᠭᠯᠡᠬᠦ ᠨᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠵᠢᠴᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠬᠤ ᠪᠣᠯᠣᠨ᠋ |