ᠬᠤᠲᠠ ᠬᠥᠳᠡᠭᠡ ᠶᠢᠨ ᠰᠠᠭᠤᠭᠠᠯᠢ ᠠᠷᠠᠳ ᠤᠨ 2023 ᠣᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠥᠪᠯᠡᠷᠡᠭᠦᠯᠦᠨ ᠲᠤᠰᠢᠶᠠᠬᠤ ᠬᠤᠭᠤᠴᠠᠭ᠎ᠠ ᠶᠢ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠣᠷᠲᠤᠳᠬᠠᠪᠠ
ᠨᠡᠶᠢᠲᠡᠯᠡᠭᠰᠡᠨ ᠴᠠᠭ᠄
2023/5/29
      ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠪᠠ ᠮᠡᠳᠡᠭᠡ ᠵᠠᠩᠭᠢ ᠶᠢᠨ ᠰᠢᠰᠲ᠋ᠧᠮ ᠤᠨ ᠵᠣᠯᠭᠠᠯᠴᠠᠭ᠎ᠠ ᠰᠢᠯᠤᠭᠤᠨ ᠪᠤᠰᠤ ᠵᠡᠷᠭᠡ ᠰᠢᠯᠲᠠᠭᠠᠨ ᠠᠴᠠ ᠪᠣᠯᠵᠤ᠂ 2023 ᠣᠨ ᠤ 4 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ ᠮᠦᠨ ᠬᠦ ᠬᠡᠰᠡᠭ ᠰᠤᠷᠭᠠᠭᠤᠯᠢ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠳᠠᠭᠠᠳᠬᠠᠯ ᠤᠨ ᠰᠦᠢᠳᠬᠡᠯ ᠲᠤᠰᠢᠶᠠᠬᠤ ᠭᠠᠷ ᠭᠦᠢᠴᠡᠳᠬᠡᠯ ᠢᠶᠠᠨ ᠴᠠᠭ ᠲᠤᠬᠠᠢ ᠳᠤᠨᠢ ᠭᠦᠢᠴᠡᠳᠬᠡᠭᠰᠡᠨ ᠦᠭᠡᠢ᠃      ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠤᠳᠤᠯᠤᠨ ᠲᠣᠭᠲᠠᠭᠠᠬᠤ ᠪᠠᠷ ᠳᠡᠮᠵᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ 2023 ᠣᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠥᠪᠯᠡᠷᠡᠭᠦᠯᠦᠨ ᠲᠤᠰᠢᠶᠠᠬᠤ ᠬᠤᠭᠤᠴᠠᠭ᠎ᠠ ᠶᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠣᠷᠲᠤᠳᠬᠠᠬᠤ ᠪᠠᠷ ᠪᠣᠯᠪᠠ᠂ ᠡᠨᠡᠬᠦ ᠬᠤᠭᠤᠴᠠᠭᠠᠨ ᠳᠤ ᠦᠷᠭᠦᠯᠵᠢᠯᠡᠨ ᠲᠠᠭᠠᠳᠬᠠᠯ ᠳᠤ ᠣᠷᠤᠯᠴᠠᠬᠤ ᠭᠠᠷ ᠭᠦᠢᠴᠡᠳᠬᠡᠯ ᠬᠢᠬᠦ ᠳᠤ ᠬᠠᠷᠠᠭᠠᠯᠵᠠᠯ ᠬᠦᠷᠲᠡᠬᠦ ᠪᠠᠷ ᠬᠦᠯᠢᠶᠡᠬᠦ ᠬᠤᠭᠤᠴᠠᠭ᠎ᠠ ᠭᠠᠷᠭᠠᠬᠤ ᠦᠭᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ᠂ ᠱᠠᠯᠠᠪᠳᠠᠨ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃     ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ