ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/5/29
                 ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠪᠠ ᠱᠠᠨ ᠰᠢ ᠶᠢᠨ ᠶᠦᠨ ᠴᠧᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ︾ ᠳᠡᠭᠡᠷ᠎ᠡ ᠬᠦᠴᠦ ᠣᠷᠣᠭᠤᠯᠵᠤ᠂ ᠠᠵᠢᠯ ᠢᠶᠠᠨ ᠰᠠᠶᠢᠳᠤᠷ ᠬᠢᠬᠦ ᠴᠢᠳᠠᠪᠤᠷᠢ᠂ ᠨᠠᠮ ᠢᠶᠠᠨ ᠮᠠᠨᠳᠤᠭᠤᠯᠬᠤ ᠴᠢᠳᠠᠪᠤᠷᠢ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠶᠢ ᠰᠤᠷᠴᠤ᠂ ᠤᠯᠤᠰ ᠲᠦᠷᠦ ᠶᠢᠨ ᠴᠢᠳᠠᠪᠤᠷᠢ᠂ ᠰᠡᠳᠬᠢᠬᠦ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠬᠦᠨᠵᠡᠭᠡᠶᠢᠷᠡᠭᠦᠯᠦᠨ ᠪᠣᠳᠠᠳᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ᠲᠥᠷᠥᠯ ᠵᠦᠢᠯ᠂ ︽ᠬᠤᠣᠰ ᠮᠢᠩᠭ᠎ᠠ︾ ᠳᠤ ᠪᠡᠯᠡ ᠣᠷᠤᠭᠤᠯᠬᠤ  ᠬᠠᠷᠠᠯᠲᠠ ᠶᠢ ᠴᠢᠩᠭ᠎ᠠ ᠠᠩᠬᠠᠷᠴᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠯᠬᠢᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠦᠽᠧᠢ ᠳᠤ ᠬᠠᠳᠠᠭᠠᠯᠠᠵᠤ ᠪᠠᠶᠢᠭ᠎ᠠ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠢ ᠠᠭᠤᠳᠠᠯᠤᠨ ᠲᠠᠶᠢᠯᠪᠤᠷᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠴᠢᠯᠡᠭᠡ ᠪᠠᠷ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ︽ᠬᠤᠨᠠᠨ ᠤ ᠴᠠᠩᠱᠠ ᠶᠢᠨ ︿4. 29﹀ ᠤ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠣᠨᠴᠠ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ  ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ᠂ ᠠᠶᠤᠯᠲᠠᠢ ᠬᠢᠮᠢ ᠶᠢᠨ ᠪᠣᠳᠠᠰ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠭᠠᠯ ᠤᠨᠲᠠᠷᠠᠭᠠᠬᠤ ᠵᠡᠷᠭᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠵᠢᠴᠢ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠮᠢᠨᠴᠦᠭᠦᠷᠡᠨ ᠲᠠᠶᠢᠪᠤᠰᠢᠷᠠᠬᠤ ᠭᠤᠷᠢᠳᠠᠬᠤ ᠪᠤᠳᠤᠯ ᠢ ᠡᠷᠡᠰ ᠬᠤᠷᠢᠭᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠣᠳᠠᠲᠠᠢ ᠰᠠᠶᠢᠲᠤᠷ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃           ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ