︵ᠰᠤᠷᠪᠤᠯᠵᠢᠯᠠᠭᠴᠢ ᠶᠠᠩ ᠼᠠᠢ ᠰᠢᠶᠠ︶ 5 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠠᠷᠢᠯᠭ᠎ᠠ ᠡᠬᠢᠯᠡᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠰᠠᠶᠢᠬᠠᠨ ᠲᠣᠭᠤᠷᠢᠭ ᠤᠨ ᠹᠧᠩᠵᠸᠤ ᠡᠮᠦᠨ᠎ᠡ | ᠵᠠᠮ ᠠᠴᠠ ᠵᠡᠭᠦᠨᠰᠢ᠂ ᠪᠦᠦ ᠴᠢᠤᠸᠠᠨ ᠵᠡᠭᠡᠯᠢ ᠠᠴᠠ ᠬᠤᠶᠢᠰᠢ ᠪᠣᠢ᠃ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ | ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 45000 ᠲᠡᠭᠰᠢ ᠳᠥᠷᠪᠡᠯᠵᠢᠨ ᠮᠧᠲᠷ᠂ ᠡᠭᠦᠨ ᠳᠤ᠂ ᠭᠠᠵᠠᠷ ᠳᠡᠭᠡᠷᠡᠬᠢ ᠪᠠᠷᠢᠯᠭ᠎ᠠ ᠶᠢᠨ ᠲᠠᠯᠠᠪᠠᠶ ᠨᠢ | 35000 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠪᠠᠷᠢᠯᠭ᠎ᠠ ᠶᠢᠨ ᠲᠠᠯᠠᠪᠠᠶ ᠨᠢ 10000 ᠲᠡᠭᠰᠢ ᠳᠥᠷᠪᠡᠯᠵᠢᠨ ᠮᠧᠲᠷ ᠪᠣᠯᠣᠨ᠎ᠠ᠃ ᠪᠦᠲᠦᠭᠡᠨ | ᠪᠠᠶᠢᠭᠤᠯᠬᠤ ᠠᠭᠤᠯᠭ᠎ᠠ ᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ | ᠰᠣᠶᠣᠯ ᠲᠠᠮᠢᠷ ᠤᠨ ᠠᠰᠠᠷ᠂ ᠣᠯᠠᠨ ᠴᠢᠳᠠᠪᠬᠢᠲᠦ ᠠᠰᠠᠷ ᠢ ᠪᠠᠭᠲᠠᠭᠠᠬᠤ ᠶᠢᠨ ᠬᠠᠮᠲᠤ᠂ ᠭᠡᠷ ᠤᠨ ᠭᠠᠳᠠᠨᠠᠬᠢ ᠲᠠᠮᠢᠷ ᠤᠨ ᠲᠠᠯᠠᠨᠪᠤᠷ ᠵᠢᠴᠢ ᠵᠣᠬᠢᠬᠤ | ᠨᠣᠭᠤᠭᠠᠷᠠᠭᠤᠯᠬᠤ᠂ ᠬᠠᠲᠠᠭᠤᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ᠂ ᠢᠯᠴᠢ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ | ᠪᠠᠶᠢᠭᠤᠯᠤᠨ᠎ᠠ᠃ ᠵᠢᠱᠢᠯᠲᠡ ᠪᠠᠷ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠳᠡᠳ᠋ ᠵᠠᠬᠢᠷᠤᠯ ᠯᠢᠦ ᠵᠢᠶᠦ᠋ᠨ ᠤ | ᠲᠠᠨᠢᠯᠴᠠᠭᠤᠯᠤᠭᠰᠠᠨ ᠢᠶᠠᠷ᠂ ᠬᠤᠪᠢᠶᠠᠷᠢ ᠰᠤᠷᠭᠠᠭᠤᠯᠢ ᠨᠢ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠤᠶᠠᠷ ᠰᠤᠷᠤᠯᠭ᠎ᠠ ᠶᠢᠨ | ᠱᠠᠲᠤ ᠶᠢ ᠪᠠᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃ ᠨᠡᠶᠢᠲᠡ 72 ᠵᠢᠭᠠᠨ | ᠰᠤᠷᠭᠠᠯᠲᠠ ᠶᠢᠨ ᠠᠩᠭᠢ ᠪᠠᠷ ᠲᠥᠯᠥᠪᠯᠡᠨ᠂ ᠡᠭᠦᠨ ᠤ ᠳᠣᠲᠣᠷ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ 24᠂ ᠪᠠᠭ᠎ᠠ ᠰᠤᠷᠭᠠᠭᠤᠯᠢ ᠶᠢᠨ | ᠠᠩᠭᠢ 48 ᠪᠣᠶ᠃ | ᠲᠣᠰ ᠰᠤᠷᠭᠠᠭᠤᠯᠢ ᠶᠢ ᠪᠠᠶᠢᠭᠤᠯᠤᠨ ᠭᠡᠷᠡᠭᠯᠡᠬᠦ ᠨᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠵᠢᠴᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ | ᠲᠦᠯᠬᠢᠨ ᠠᠬᠢᠭᠤᠯᠬᠤ ᠪᠣᠯᠣᠨ᠎ᠠ᠃ | |