ᠲᠦᠮᠡᠳ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ 2022 ᠣᠨ ᠤ ᠪᠥᠬᠦ ᠤᠯᠤᠰ ᠤᠨ ᠣᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠡᠪᠯᠡᠯ ᠤᠨ ᠲᠥᠪ ᠬᠤᠷᠢᠶᠠᠨ ᠤ ᠰᠠᠶᠢᠰᠢᠶᠠᠯ ᠢ ᠣᠯᠪᠠ
ᠨᠡᠶᠢᠲᠡᠯᠡᠭᠰᠡᠨ ᠴᠠᠭ᠄
2023/5/30
       ︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠵᠠᠯᠠᠭᠤᠴᠤᠳ ᠤᠨ ᠬᠥᠭᠵᠢᠯᠲᠡ ᠶᠢᠨ ᠬᠡᠯᠲᠡᠰ ᠠᠴᠠ 2022 ᠣᠨ ᠤ ᠪᠦᠬᠦ ᠤᠯᠤᠰ ᠤᠨ ᠣᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠳᠤᠮᠳᠠ ᠲᠣᠪᠣᠶᠢᠮ᠎ᠠ ᠢᠯᠡᠷᠡᠯ ᠲᠠᠢ ᠨᠢᠭᠡᠴᠡ᠂ ᠠᠵᠢᠯᠲᠠᠨ᠂ ᠰᠤᠷᠤᠭᠴᠢ᠂ ᠲᠦᠷᠦᠯ ᠲᠡᠮᠳᠡᠭᠲᠦ ᠲᠥᠰᠥᠯ ᠢ ᠭᠦᠬᠢᠭᠦᠯᠦᠨ ᠰᠠᠶᠢᠰᠢᠶᠠᠵᠤ᠂ ᠮᠠᠨ ᠤ ᠣᠷᠣᠨ ᠤ 5 ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ 6 ᠬᠤᠪᠢ ᠬᠥᠮᠥᠨ ᠪᠠ 1 ᠲᠦᠷᠦᠯ ᠲᠡᠮᠳᠡᠭᠲᠦ ᠲᠥᠰᠥᠯ ᠡᠪᠯᠡᠯ ᠤᠨ ᠲᠥᠪ ᠬᠤᠷᠢᠶ᠎ᠠ ᠶᠢᠨ ᠰᠠᠶᠢᠰᠢᠶᠠᠯ ᠢ ᠣᠯᠪᠠ᠃ ᠡᠭᠦᠨ ᠤ ᠳᠣᠲᠣᠷ᠎ᠠ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ ᠲᠣᠳᠣᠷᠠᠭᠰᠠᠨ ᠪᠠᠶᠢᠨ᠎ᠠ᠃      ᠨᠢᠳᠤᠨᠤᠨ᠂ ᠲᠦᠮᠡᠳ ᠵᠡᠭᠦᠨ ᠬᠤᠰᠢᠭᠤᠨ ᠤ ᠡᠪᠯᠡᠯ ᠤᠨ ᠬᠤᠷᠢᠶ᠎ᠠ 2022 ᠣᠨ ᠤ ᠣᠶᠤᠲᠠᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ︽ᠨᠤᠲᠤᠭ ᠲᠠᠭᠠᠨ ᠪᠤᠴᠠᠬᠤ︾ ᠡᠬᠢᠯᠡᠯᠲᠡ ᠶᠢᠨ ᠶᠣᠰᠣᠯᠠᠯ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠭᠦᠢᠴᠡᠳ ᠠᠰᠢᠭᠯᠠᠨ ᠡᠯᠰᠡᠬᠦ ᠠᠯᠪᠠᠨ ᠵᠠᠷ ᠨᠡᠶᠢᠲᠡᠯᠡᠵᠦ᠂ ᠪᠥᠬᠦ ᠬᠤᠰᠢᠭᠤᠨ ᠤ ᠡᠯ᠎ᠡ ᠨᠢᠭᠡᠴᠡ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠴᠤᠭᠯᠠᠭᠤᠯᠤᠭᠰᠠᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠵᠠᠯᠠᠭᠤᠴᠤᠳ ᠤᠨ ᠬᠥᠭᠵᠢᠯᠲᠡ ᠶᠢᠨ ᠬᠡᠯᠲᠡᠰ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯ ᠤᠨ ᠪᠠᠶᠢᠷᠢ ᠶᠢ ᠵᠣᠯᠭᠠᠭᠤᠯᠬᠤ ᠰᠢᠰᠲ᠋ᠧᠮ ᠳᠤ ᠣᠷᠣᠭᠤᠯᠵᠤ᠂ ᠡᠪᠯᠡᠯ ᠤᠨ ᠬᠠᠷᠢᠶ᠎ᠠ ᠰᠢᠨ᠎ᠡ ᠵᠠᠭᠤᠴᠢᠯᠠᠭᠤᠷ ︽ᠲᠦᠮᠡᠳ ᠵᠡᠭᠦᠨ ᠬᠤᠰᠢᠭᠤᠨ ᠤ ᠵᠠᠯᠠᠭᠤᠴᠤᠳ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠣᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠥᠯᠢᠭᠡᠷ ᠢ ᠤᠬᠠᠭᠤᠯᠤᠨ ᠮᠡᠳᠡᠭᠡᠯᠡᠪᠡ᠃ ᠲᠦᠮᠡᠳ ᠵᠡᠭᠦᠨ ᠬᠤᠰᠢᠭᠤ ᠨᠤᠲᠤᠭ ᠲᠠᠭᠠᠨ ᠪᠤᠴᠠᠭᠰᠠᠨ ᠣᠶᠤᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠨᠡᠶᠢᠭᠡᠮ ᠤᠨ ᠦᠢᠯᠡᠳᠦᠯᠭᠡ ᠳᠤ ᠣᠷᠣᠯᠴᠠᠭᠤᠯᠵᠤ᠂ ᠣᠶᠤᠲᠠᠳ ᠢ ᠬᠠᠪᠰᠤᠷᠤᠨ ᠨᠡᠶᠢᠭᠡᠮ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠳᠠᠨ᠎ᠠ ᠰᠤᠷᠤᠯᠴᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠤᠲᠤᠭ ᠤᠰᠤ ᠲᠠᠢ ᠪᠠᠨ ᠬᠠᠷᠢᠯᠴᠠᠬᠤ ᠳᠦᠷᠢᠮᠵᠢᠭᠰᠡᠨ ᠠᠷᠭ᠎ᠠ ᠵᠠᠮ ᠢ ᠪᠠᠶᠢᠭᠤᠯᠵᠤ᠂ ᠥᠷᠭᠡᠨ ᠤᠯᠠᠨ ᠰᠤᠷᠤᠭᠴᠢᠳ ᠤᠨ ᠠᠮᠢᠳᠤᠯᠢᠭ ᠦᠢᠯᠡᠳᠦᠯᠭᠡ ᠶᠢᠨ ᠳᠤᠮᠳᠠ ᠬᠥᠮᠦᠵᠢᠯ ᠬᠦᠷᠲᠡᠬᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ᠂ ᠬᠤᠪᠢ ᠨᠡᠮᠡᠷᠢ ᠦᠵᠡᠭᠦᠯᠬᠦ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ