ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠡᠷᠡᠭᠦᠯ ᠡᠩᠬᠡ | ᠳᠤᠮᠳᠠᠳᠤ ᠤᠯᠤᠰ ᠪᠣᠯᠤᠨ ᠬᠥᠮᠦᠨ ᠠᠮᠠ ᠶᠢᠨ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ ᠂ ᠰᠢᠨ᠎ᠡ ᠴᠠᠭ ᠦᠶ᠎ᠡ ᠶᠢᠨ ᠤᠷᠤᠭ ᠦᠷᠡᠵᠢᠯ ᠤᠨ | ᠰᠣᠶᠣᠯ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ | ᠦᠢᠯᠡᠳᠦᠯᠭᠡᠵᠢᠭᠦᠯᠬᠦ ᠶᠢᠨ ᠲᠤᠰᠠᠳᠠ ᠂ 5 ᠰᠠᠷ᠎ᠠ ᠶᠢᠨ 25 ᠤ ᠡᠳᠦᠷ ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ 25 ᠳ᠋ᠤᠭᠠᠷ ︽ ᠭᠡᠰᠢᠭᠦᠳ ᠤᠨ | ᠠᠵᠢᠯᠯᠠᠭᠠᠨ ᠤ ᠡᠳᠦᠷ ︾ ᠬᠦᠷᠴᠦ ᠢᠷᠡᠬᠦ ᠲᠠᠰᠢᠷᠠᠮ ᠢᠶᠠᠷ ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠢᠶᠠᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠱᠧᠩ ᠯᠧ ᠪᠠᠯᠭᠠᠰᠤᠨ ᠤ ᠨᠢᠭᠡ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠳᠤ ︽ 5.29 ︾ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ ᠭᠤᠷᠪᠠ ᠶᠢ ᠬᠥᠳᠡᠭᠡ | ᠪᠠᠭᠤᠯᠭᠠᠬᠤ ︾ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ ᠃ | | | | | | | ᠲᠤᠰ ᠠᠵᠢᠯᠯᠠᠭ᠎ᠠ ᠨᠢ ᠬᠤᠷᠢᠨᠭᠡᠷ ᠰᠢᠶᠠᠨ ᠤ ᠤᠯᠠᠭᠠᠨᠮᠥ᠋ᠴᠢᠷ ᠤᠨ ᠲᠠᠮᠢᠷᠴᠢᠳ ᠤᠨ ᠭᠤᠶᠢᠳᠠ ᠰᠠᠶᠢᠬᠠᠨ ᠲᠣᠭᠯᠠᠯᠲᠠ ᠳᠤ ᠬᠥᠰᠢᠭᠡ ᠪᠠᠨ ᠰᠡᠬᠦᠪᠡ ᠃ | ᠲᠣᠭᠯᠠᠯᠲᠠ ᠶᠢᠨ ᠲᠠᠯᠠᠪᠠᠢ ᠳᠤ ᠂ ᠭᠤᠶᠢᠳᠠ ᠰᠠᠶᠢᠬᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠵᠤ ᠂ ᠲᠣᠰᠬᠤᠨ ᠤ ᠠᠷᠠᠳ ᠤᠨ ᠰᠣᠨᠢᠷᠬᠠᠯ ᠢ ᠲᠠᠲᠠᠨ᠎ᠠ ᠃ | ᠲᠠᠶᠢᠰᠠᠨ ᠤ ᠳᠣᠣᠷ᠎ᠠ ᠂ ᠦᠵᠡᠭᠦᠯᠭᠡ ᠶᠢᠨ ᠲᠠᠶᠢᠰᠠᠨ ᠳᠡᠭᠡᠷ᠎ᠡ ᠂ ᠰᠣᠶᠣᠯ ᠂ ᠰᠢᠨᠵᠢᠯᠡᠬᠦ ᠤᠬᠠᠭᠠᠨ ᠮᠡᠷᠭᠡᠵᠢᠯ ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ | ᠮᠥᠴᠢᠷ ᠤᠨ ᠬᠢᠨ ᠲᠤᠬᠠᠢ ᠶᠢᠨ ᠲᠠᠯᠠᠪᠠᠢ ᠶᠢᠨ ᠤᠬᠠᠭᠤᠯᠭ᠎ᠠ ᠂ ᠦᠢᠯᠡᠳᠦᠯᠴᠡᠨ ᠣᠶᠢᠯᠠᠭᠠᠬᠤ ᠵᠡᠷᠭᠡ ᠠᠵᠢᠯᠯᠠᠭ᠎ᠠ ᠶᠢ ᠠᠪᠴᠢᠷᠠᠭᠰᠠᠨ ᠨᠢ ᠮᠠᠰᠢ ᠤᠯᠠᠨ | ᠲᠣᠰᠬᠤᠨ ᠤ ᠠᠷᠠᠳ ᠤᠨ ᠠᠩᠬᠠᠷᠤᠯ ᠢ ᠲᠠᠲᠠᠵᠠᠢ ᠃ ᠤᠷᠠᠨ ᠪᠢᠴᠢᠯᠭᠡᠲᠡᠨ ᠲᠤᠬᠠᠶ ᠶᠢᠨ ᠲᠠᠯᠠᠪᠠᠶ ᠳᠤ ᠤᠷᠠᠨ ᠪᠢᠴᠢᠯᠭᠡ ᠶᠢᠨ ᠠᠵᠢᠯᠯᠠᠭ᠎ᠠ ᠥᠷᠨᠢᠭᠦᠯᠵᠦ ᠂ | ᠤᠳᠠᠭ᠎ᠠ ᠳᠠᠷᠠᠭ᠎ᠠ ᠪᠠᠷ ᠪᠢᠷ ᠪᠡᠭᠡ ᠪᠠᠷ ᠪᠢᠯᠬᠠᠨ ᠂ ᠬᠠᠶᠢᠷ᠎ᠠ ᠬᠠᠯᠠᠮᠵᠢ ᠪᠠᠷ ᠪᠢᠯᠬᠠᠮ᠎ᠠ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠳ ᠢ ᠲᠣᠰᠬᠤᠨ ᠤ | ᠠᠷᠠᠳ ᠲᠤ ᠬᠦᠷᠭᠡᠵᠦ ᠪᠠᠶᠢᠯ᠎ᠠ ᠃ ᠠᠯᠪᠠᠨ ᠵᠢᠷᠤᠮ ᠤᠨ ᠡᠮᠴᠢᠯᠡᠭᠡᠨ ᠤ ᠲᠠᠶᠢᠰᠠᠨ ᠤ ᠡᠮᠦᠨ᠎ᠡ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠣᠬᠢᠶᠠᠨ | ᠪᠠᠶᠢᠭᠤᠯᠤᠭᠰᠠᠨ ᠡᠮᠴᠢ ᠨᠡᠷ ᠲᠣᠰᠬᠤᠨ ᠤ ᠠᠷᠠᠳ ᠤᠨ ᠪᠡᠶ᠎ᠡ ᠶᠢ ᠪᠠᠶᠢᠴᠠᠭᠠᠵᠤ ᠂ ᠲᠣᠰᠬᠤᠨ ᠤ ᠠᠷᠠᠳ ᠤᠨ ᠡᠪᠡᠳᠴᠢᠨ ᠤ ᠲᠡᠦᠬᠡ ᠪᠣᠯᠤᠨ ᠠᠮᠢᠳᠤᠷᠠᠯ ᠤᠨ | ᠵᠠᠩ ᠳᠠᠳᠬᠠᠯ ᠢ ᠨᠠᠷᠢᠨ ᠠᠰᠠᠭᠤᠨ ᠯᠠᠪᠯᠠᠵᠤ ᠂ ᠡᠪᠡᠳᠴᠢᠨ ᠤ ᠪᠠᠶᠢᠳᠠᠯ ᠤᠨ ᠯᠠᠪᠯᠠᠯᠲᠠ ᠶᠢ ᠬᠦᠯᠢᠴᠡᠩᠭᠦᠢ ᠪᠠᠷ ᠬᠠᠷᠢᠭᠤᠯᠵᠤ ᠪᠠᠶᠢᠯ᠎ᠠ ᠃ | | | | | | | | | | | ᠣᠯᠠᠨ ᠶᠠᠩᠵᠤ ᠶᠢᠨ ᠬᠡᠯᠪᠡᠷᠢ ᠶᠢᠨ ᠠᠵᠢᠯᠯᠠᠭ᠎ᠠ ᠶᠢᠨ ᠠᠭᠤᠯᠭ᠎ᠠ ᠨᠢ ᠦᠶ ᠣᠯᠠᠨ ᠲᠣᠰᠬᠤᠨ ᠤ ᠠᠷᠠᠳ ᠤᠨ ᠠᠩᠬᠠᠷᠤᠯ ᠢ ᠲᠠᠲᠠᠵᠤ ᠂ ᠳᠥᠷᠪᠡᠨ ᠵᠦᠭ | ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠨᠤᠲᠤᠭ ᠤᠨ ᠠᠬ᠎ᠠ ᠳᠡᠭᠦᠤ ᠨᠡᠷ ᠡᠨᠡ ᠤᠳᠠᠭᠠᠨ ᠤ ᠣᠯᠠᠨ ᠲᠦᠮᠡᠨ ᠲᠠᠢ ᠣᠶᠢᠷᠠᠲᠤᠭᠰᠠᠨ ᠮᠥᠷᠲᠡᠭᠡᠨ ᠡᠯᠪᠡᠭ | ᠪᠠᠶᠠᠯᠢᠭ ᠠᠭᠤᠯᠤᠭᠳᠠᠬᠤᠨ ᠲᠠᠢ ︽ ᠨᠡᠶᠢᠭᠡᠮ ᠤᠨ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ︾ ᠤᠨ ᠦᠪᠡᠳᠡᠭᠰᠢ ᠳᠠᠶᠢᠯᠠᠯᠭ᠎ᠠ ᠶᠢ ᠬᠠᠮᠲᠤ ᠪᠠᠷ ᠠᠮᠲᠠᠯᠠᠵᠠᠶ ᠃ | | | | | | ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠾᠧ ᠭᠦᠸᠧ ᠶᠢᠩ ᠲᠣᠰᠬᠤᠨ ᠤ ᠠᠷᠠᠳ ᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠠᠷᠢᠯᠴᠠᠨ ᠳᠠᠶᠢᠴᠢᠯᠠᠬᠤ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠪᠡ | | | | | | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠢᠤᠢ ᠵᠢᠶᠠᠨ ᠬᠤᠸᠠ ᠲᠣᠰᠬᠤᠨ ᠤ ᠠᠷᠠᠳ ᠲᠠᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠯᠢᠭᠡᠷ ᠢ ᠬᠤᠪᠢᠶᠠᠯᠴᠠᠪᠠ | | | | | | | ᠶᠠᠨ ᠵᠢᠶᠦ᠋ᠨ ᠮᠢᠨ ᠲᠣᠰᠬᠤᠨ ᠤ ᠠᠷᠠᠳ ᠲᠤ ︽ ᠡᠷᠡᠭᠦᠯ ᠡᠩᠭᠡ ᠳᠤᠮᠳᠠᠳᠤ ᠤᠯᠤᠰ — ᠡᠵᠢ ᠶᠢᠨ ᠠᠵᠢᠯᠯᠠᠭ᠎ᠠ ︾ ᠭᠡᠬᠦ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ | | | | | | | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦ᠋ ᠰᠢᠶᠠ ᠲᠣᠰᠬᠤᠨ ᠤ ᠠᠷᠠᠳ ᠲᠤ ︽ ᠰᠢᠨ᠎ᠡ ᠴᠠᠭ ᠦᠶ᠎ᠡ ᠶᠢᠨ ᠣᠷᠤᠭ ᠦᠷᠡᠵᠢᠯ ᠤᠨ | ᠰᠣᠶᠣᠯ ᠢ ᠰᠠᠨᠠᠭᠠᠴᠢᠯᠠᠵᠤ ᠬᠡᠷ ᠪᠦᠯᠢ ᠶᠢᠨ ᠡᠶ᠎ᠡ ᠵᠣᠬᠢᠴᠠᠩᠭᠤᠶ ᠵᠣᠯ ᠵᠢᠷᠭᠠᠯ ᠢ ᠲᠤᠰᠠᠯᠠᠶ᠎ᠠ ︾ ᠭᠡᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ | ᠥᠷᠨᠢᠭᠦᠯᠪᠡ | | ᠲᠣᠰ ᠤᠳᠠᠭᠠᠨ ᠤ ︽ ᠭᠤᠷᠪᠠ ᠶᠢ ᠬᠥᠳᠡᠭᠡ ᠪᠠᠭᠤᠯᠭᠠᠬᠤ ︾ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ | ᠤᠯᠠᠮ ᠨᠢᠭᠡ ᠠᠯᠬᠤᠮ ᠪᠤᠶᠢᠵᠢᠭᠤᠯᠤᠨ ᠦᠶ᠋ᠯᠡᠳᠦᠯᠭᠡᠵᠢᠭᠦᠯᠵᠦ ᠂ ᠨᠥᠬᠦᠷᠰᠡᠭ ᠬᠠᠶᠢᠷ᠎ᠠ ᠪᠠ ᠬᠠᠷᠢᠯᠴᠠᠨ ᠬᠠᠪᠰᠤᠷᠤᠯᠴᠠᠵᠤ ᠤᠷᠤᠭᠰᠢᠯᠠᠨ ᠳᠠᠪᠰᠢᠬᠤ ᠰᠠᠶᠢᠨ | ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠂ ᠦᠨᠳᠦᠰᠦᠨ ᠱᠠᠲᠤᠨ ᠤ ᠣᠯᠠᠨ ᠲᠦᠮᠡᠨ ᠳᠤ ᠡᠷᠡᠭᠦᠯ ᠮᠡᠨᠳᠦ ᠂ ᠪᠠᠶᠠᠷ ᠪᠠᠶᠠᠰᠤᠯ ᠂ ᠰᠣᠶᠣᠯ ᠂ | ᠰᠢᠨᠵᠢᠯᠡᠬᠦ ᠤᠬᠠᠭᠠᠨ ᠮᠡᠷᠭᠡᠵᠢᠯ ᠬᠦᠷᠭᠡᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ | ᠬᠠᠨᠤᠮᠵᠢᠲᠠᠶ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠃ | | ᠢᠷᠡᠯᠲᠡ ᠄ ᠬᠤᠷᠢᠨᠭᠡᠷ ᠰᠢᠶᠠᠨ ᠤ ︽ ᠪᠠᠭ᠋ᠠᠷᠤᠯᠲᠤ ᠬᠤᠷᠢᠨᠭᠡᠷ ︾ ᠸᠢᠴᠠᠲ ᠶᠢᠨ ᠨᠡᠶᠢᠲᠡ ᠶᠢᠨ ᠳ᠋ᠤᠭᠠᠷ | | |