2023 ᠣᠨ ᠤ ᠬᠥᠬᠡᠬᠤᠲᠠ ᠶᠢᠨ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠰᠦᠯᠵᠢᠶᠡᠨ ᠳᠡᠭᠡᠷᠡᠬᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/5/30
      ︵ᠰᠤᠷᠪᠤᠯᠵᠢᠯᠠᠭᠴᠢ ᠦ᠋ ᠽᠢ ᠰᠢᠤᠸᠠᠨ︶ ᠣᠶᠢᠷ᠎ᠠ ᠳᠤ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ ᠬᠤᠷᠢᠶ᠎ᠠ ᠶᠢᠨ ᠬᠠᠤᠯᠢ ᠴᠠᠭᠠᠵᠠ ᠶᠢ ᠰᠠᠬᠢᠵᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤᠷᠠᠨ 2023 ᠣᠨ ᠤ ᠬᠥᠬᠡᠬᠤᠲᠠ ᠶᠢᠨ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠪᠡ᠃       ᠠᠵᠢᠯᠯᠠᠭ᠎ᠠ ᠳᠤ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠳ᠋ᠣᠺᠲ᠋ᠣᠷ᠂ ᠥᠪᠥᠷ ᠮᠣᠩᠭᠤᠯ ᠤᠨ ᠵᠥᠩ ᡁᠢ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢᠦ ᠳ᠋ᠦᠩ ᠭᠠᠩ ᠪᠣᠯᠣᠨ ᠪᠦᠯᠬᠦᠮ ᠤᠨ ᠭᠡᠰᠢᠭᠦᠨ ᠬᠠᠤᠯᠢᠴᠢ ᠬᠠᠶᠢᠷᠠᠬᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠠᠭᠤᠯᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠤᠨ ᠲᠣᠭᠲᠠᠭᠠᠯ ᠤᠨ ᠲᠣᠭᠤᠷᠢᠨ ᠳᠤ᠂ ᠭᠦᠨᠵᠡᠭᠡᠢ ᠲᠠᠶᠢᠯᠤᠮᠵᠢ ᠬᠢᠵᠦ ᠬᠡᠷᠡᠭ ᠤᠨ ᠵᠢᠱᠢᠶ᠎ᠡ ᠠᠴᠠ ᠬᠤᠪᠢᠶᠠᠯᠴᠠᠪᠠ᠃ ᠪᠥᠬᠦ ᠬᠤᠲᠠ ᠶᠢᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠥᠷᠭᠡᠨ ᠣᠯᠠᠨ ᠲᠦᠮᠡᠨ ᠪᠠᠷᠤᠭ 4.5 ᠲᠦᠮᠡᠨ ᠬᠥᠮᠥᠨ ᠤᠳᠠᠭ᠎ᠠ ᠰᠢᠭᠤᠳ ᠨᠡᠪᠲᠡᠷᠡᠭᠦᠯᠭᠡ ᠶᠢᠨ ᠲᠠᠶᠢᠯᠤᠮᠵᠢ ᠶᠢ ᠭᠥᠯᠢᠶᠡᠨ ᠠᠪᠴᠤ ᠦᠵᠡᠪᠡ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ