︵ᠰᠤᠷᠪᠤᠯᠵᠢᠯᠠᠭᠴᠢ ᠭᠧᠩ ᠰᠢᠨ︶ 5 ᠳ᠋ᠤᠭᠠᠷ ᠰᠠᠷ᠎ᠠ ᠶᠢᠨ 29 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠶᠢᠨ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠡᠭᠦᠳᠦᠨ ᠪᠠᠶᠢᠭᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ᠤᠨ ᠠᠬᠢᠴᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠳᠠ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ᠂ ᠰᠠᠶᠢᠬᠠᠨ ᠲᠣᠭᠤᠷᠢᠭ ᠤᠨ ᠶᠡᠭᠡ | ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ | ᠰᠤᠷᠭᠠᠭᠤᠯᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠨᠠᠯ ᠢᠶᠠᠨ ᠰᠣᠯᠢᠯᠴᠠᠵᠤ ᠶᠠᠷᠢᠯᠴᠠᠬᠤ ᠬᠡᠯᠪᠡᠷᠢ ᠪᠠᠷ | ᠳᠠᠮᠵᠢᠭᠤᠯᠤᠨ᠂ ᠮᠠᠨ ᠤ ᠬᠤᠲᠠ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠰᠠᠶᠢᠵᠢᠷᠠᠯᠲᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ | ᠮᠠᠨ ᠤ ᠬᠤᠲᠠ ᠶᠢᠨ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠡᠭᠦᠳᠦᠨ ᠪᠠᠶᠢᠭᠤᠯᠬᠤ ᠶᠠᠪᠤᠴᠠ ᠳᠠᠬᠢ ᠭᠤᠣᠯᠳᠠᠯᠭ᠎ᠠ ᠲᠠᠢ ᠲᠦᠪᠡᠭᠲᠡᠢ ᠠᠰᠠᠭᠤᠳᠠᠯ ᠤᠨ ᠲᠤᠬᠠᠢ | ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠬᠤᠲᠠ ᠶᠢᠨ ᠵᠠᠰᠠᠭ ᠤᠨ ᠣᠷᠳᠣᠨ ᠤ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ | ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠤᠨ ᠠᠬᠢᠴᠠ ᠶᠢᠨ ᠪᠠᠶᠢᠳᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠲᠥᠯᠥᠭᠡᠯᠡᠭᠴᠢ ᠶᠢᠨ ᠬᠤᠯᠪᠣᠭᠳᠠᠯ | ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠵᠣᠬᠢᠴᠠᠩᠭᠤᠢ | ᠬᠥᠭᠵᠢᠯᠲᠡ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠴᠢᠩᠭᠠᠳᠬᠠᠬᠤ | ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠴᠢᠨᠠᠷ ᠰᠠᠶᠢᠲᠠᠢ ᠡᠭᠦᠳᠦᠨ | ᠪᠠᠶᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠮᠠᠨ ᠤ ᠬᠤᠲᠠ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠢ ᠬᠡᠷᠡᠭᠵᠢᠭᠦᠯᠦᠭᠰᠡᠨ ᠠᠴᠠ ᠨᠠᠰᠢ | ᠂ ᠰᠢᠯᠢᠳᠡᠭ ᠰᠤᠷᠭᠠᠨ ᠬᠥᠮᠦᠵᠢᠯ ᠤᠨ ᠪᠦᠯᠦᠭᠯᠡᠯ ᠮᠠᠶ᠋ᠢᠭ ᠤᠨ ᠰᠤᠷᠭᠠᠭᠤᠯᠢ ᠡᠷᠬᠢᠯᠡᠬᠦ ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠭᠤᠷᠪᠠᠨ ᠡᠩᠨᠡᠭᠡ ᠶᠢᠨ | ᠪᠠᠶᠢᠭᠤᠯᠤᠯᠲᠠ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠣᠳᠠᠲᠠᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠠᠶᠢᠨ ᠦᠷ᠎ᠡ ᠪᠦᠲᠦᠮᠵᠢ ᠣᠯᠪᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠡᠭᠦᠨ ᠢ ᠨᠤᠲᠠᠯᠠᠵᠤ ᠪᠠᠶᠢᠬᠤ ᠪᠠᠨ ᠢᠯᠡᠷᠬᠡᠶᠢᠯᠡᠭᠰᠡᠨ | ᠪᠥᠭᠡᠳ ᠵᠢᠭᠠᠵᠤ ᠭᠠᠷᠭᠠᠭᠰᠠᠨ ᠨᠢ᠂ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢ ᠡᠭᠦᠳᠦᠨ ᠪᠠᠶᠢᠭᠤᠯᠬᠤ ᠪᠠᠷ ᠳᠤᠷᠠᠳᠤᠭᠰᠠᠨ ᠨᠢ᠂ ᠰᠤᠷᠭᠠᠨ ᠬᠥᠮᠦᠵᠢᠯ ᠤᠨ | ᠤᠳᠤᠷᠢᠳᠤᠮᠵᠢ ᠶᠢᠨ ᠴᠢᠨᠠᠷᠲᠠᠢ᠂ ᠰᠠᠭᠤᠷᠢ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠪᠠᠶᠢᠷᠢ ᠰᠠᠭᠤᠷᠢ ᠶᠢ ᠳᠣᠪᠤᠶᠢᠯᠭᠠᠪᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠣᠳᠣᠬᠠᠨ ᠤ ᠣᠷᠣᠨ ᠤ ᠲᠥᠪ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠭᠦᠨᠵᠡᠭᠡᠢ ᠰᠤᠳᠤᠯᠵᠤ᠂ ᠠᠮᠵᠢᠯᠲᠠ ᠲᠠᠢ ᠲᠤᠷᠰᠢᠯᠭ᠎ᠠ ᠶᠢ | ᠰᠤᠷᠤᠯᠴᠠᠨ ᠲᠣᠯᠢᠳᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠠᠷᠭ᠎ᠠ ᠤᠬᠠᠭᠠᠨ ᠭᠠᠷᠭᠠᠵᠤ᠂ ᠨᠡᠩ ᠥᠨᠳᠥᠷ ᠪᠠᠷᠢᠮᠵᠢᠶ᠎ᠠ᠂ ᠨᠡᠩ | ᠰᠠᠶᠢᠨ ᠴᠢᠨᠠᠷ ᠴᠢᠨᠰᠠᠭ᠎ᠠ᠂ ᠨᠡᠩ ᠶᠡᠭᠡ ᠡᠷᠴᠢᠮ ᠢᠶᠠᠷ ᠮᠠᠨ ᠤ ᠬᠤᠳᠠ ᠶᠢᠨ ︽ᠰᠤᠷᠤᠯᠴᠠᠬᠤ ᠳᠤ ᠲᠣᠬᠢᠷᠠᠮᠵᠢᠲᠠᠢ ᠬᠤᠳᠠ︾ ᠶᠢ ᠡᠭᠦᠳᠦᠨ ᠪᠠᠶᠢᠭᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ᠳᠠᠬᠢ ᠭᠦᠢᠴᠡᠳᠬᠡᠬᠦ ᠲᠤᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |