ᠮᠠᠨ ᠤ ᠬᠤᠲᠠ ᠵᠥᠪᠰᠢᠶᠡᠷᠡᠴᠢᠬᠡᠭᠡᠳ ᠬᠠᠩᠭᠠᠭᠠᠳᠤᠢ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠶᠡᠭᠡ ᠪᠠᠷ ᠪᠠᠶᠢᠴᠠᠭᠠᠵᠤ ᠰᠢᠩᠭᠡᠭᠡᠨ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/5/31
      ︵ᠰᠤᠷᠪᠤᠯᠵᠢᠯᠠᠭᠴᠢ ᠰᠦᠩ ᠰᠢᠶᠠᠩ ᠬᠤᠸᠠ︶ 2023 ᠣᠨ ᠤ ᠵᠥᠪᠰᠢᠶᠡᠷᠡᠴᠢᠬᠡᠭᠡᠳ ᠬᠠᠩᠭᠠᠭᠠᠳᠤᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠶᠡᠭᠡ ᠪᠠᠷ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢ ᠨᠢᠭᠡᠳ ᠨᠢᠭᠡ ᠪᠠᠷ ᠡᠮᠬᠢᠯᠡᠵᠦ᠂ ᠭᠠᠵᠠᠷ ᠰᠢᠷᠣᠢ ᠪᠦᠷᠢ ᠳᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠵᠥᠪᠰᠢᠶᠡᠷᠡᠴᠢᠬᠡᠭᠡᠳ ᠬᠠᠩᠭᠠᠭᠠᠳᠤᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠨ ᠰᠢᠢᠳᠪᠦᠷᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃      ᠠᠵᠢᠯ ᠤᠨ ᠰᠡᠳᠬᠢᠴᠡ ᠪᠠᠨ ᠲᠣᠭᠲᠠᠭᠠᠵᠤ᠂ ᠠᠵᠢᠯ ᠤᠨ ᠠᠬᠢᠴᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠪᠡ᠃ ᠥᠩᠭᠡᠷᠡᠭᠰᠡᠨ ᠤ ᠠᠵᠢᠯ ᠤᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ︽ᠨᠢᠭᠡ ᠰᠠᠭᠤᠷᠢ᠂ ᠬᠤᠶᠠᠷ ᠵᠦᠢᠯ ᠤᠨ ᠠᠭᠤᠯᠭ᠎ᠠ᠂ ᠭᠤᠷᠪᠠᠨ ᠭᠤᠭᠴᠤᠭ᠎ᠠ᠂ ᠳᠥᠷᠪᠡᠨ ᠵᠦᠢᠯ ᠤᠨ ᠲᠣᠭᠲᠠᠴᠠ᠂ ᠲᠠᠪᠤᠨ ᠬᠠᠷᠠᠯᠲᠠ︾ ᠶᠢᠨ ᠠᠵᠢᠯ ᠤᠨ ᠰᠡᠳᠬᠢᠮᠵᠢ ᠶᠢ ᠲᠣᠭᠲᠠᠭᠠᠵᠤ᠂ ︽ᠪᠦᠬᠦ ᠬᠤᠲᠠ ᠶᠢᠨ ᠵᠥᠪᠰᠢᠶᠡᠷᠡᠭᠰᠡᠨ ᠭᠠᠵᠠᠷ ᠰᠢᠷᠣᠢ᠂ ᠬᠠᠩᠭᠠᠭᠰᠠᠨ ᠭᠠᠵᠠᠷ ᠰᠢᠷᠣᠢ ᠶᠢᠨ ᠴᠢᠭᠯᠡᠯᠲᠦ ᠬᠡᠮᠵᠢᠭᠳᠡᠬᠦᠨ ᠤ ᠲᠤᠭ᠎ᠠ ᠪᠠᠷᠢᠮᠲᠠ︾ ᠪᠠᠷ ᠰᠠᠭᠤᠷᠢ ᠪᠣᠯᠭᠠᠵᠤ᠂ ︽ᠵᠥᠪᠰᠢᠶᠡᠷᠡᠴᠢᠬᠡᠭᠡᠳ ᠬᠠᠩᠭᠠᠭᠠᠳᠤᠢ ᠭᠠᠵᠠᠷ ᠰᠢᠷᠣᠢ ᠶᠢ ᠬᠤᠷᠳᠤᠨ ᠰᠢᠩᠭᠡᠭᠡᠬᠦ︾ ᠪᠠ ︽ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠦᠨᠡᠨᠬᠦ ᠰᠢᠢᠳᠪᠦᠷᠢᠯᠡᠬᠦ︾ ᠪᠠᠷ ᠭᠤᠣᠯ ᠠᠭᠤᠯᠭ᠎ᠠ ᠪᠣᠯᠭᠠᠵᠤ᠂ ︽ᠡᠭᠦᠷᠭᠡ ᠶᠢ ᠨᠠᠷᠢᠯᠢᠭᠵᠢᠭᠤᠯᠬᠤ︾ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠶᠢ ᠨᠠᠷᠢᠯᠢᠭ ᠣᠨᠣᠴᠠᠲᠠᠢ ᠰᠤᠳᠤᠯᠬᠤ︾ ᠪᠠ ︽ᠲᠥᠪᠯᠡᠷᠡᠭᠦᠯᠦᠨ ᠰᠢᠩᠭᠡᠭᠡᠵᠦ ᠰᠢᠢᠳᠪᠦᠷᠢᠯᠡᠬᠦ︾ ᠭᠤᠷᠪᠠᠨ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠡᠳᠦᠷ ᠲᠤᠲᠤᠮ ᠤᠨ ᠲᠣᠬᠢᠷᠠᠭᠤᠯᠤᠯᠲᠠ︾ ︽ᠴᠠᠭ ᠲᠤᠬᠠᠢ ᠳᠤᠨᠢ ᠬᠠᠷᠢᠭᠤ ᠲᠤᠰᠬᠠᠬᠤ︾ ︽ᠲᠣᠭᠲᠠᠭᠰᠠᠨ ᠬᠤᠭᠤᠴᠠᠭ᠎ᠠ ᠲᠠᠢ ᠳ᠋ᠦᠩᠨᠡᠬᠦ︾ ᠪᠠ ︽ᠬᠤᠭᠤᠴᠠᠭ᠎ᠠ ᠲᠣᠭᠲᠠᠭᠠᠨ ᠰᠢᠮᠳᠠᠭᠤᠯᠤᠨ ᠭᠦᠢᠴᠡᠳᠬᠡᠬᠦ︾ ᠳᠥᠷᠪᠡᠨ ᠵᠦᠢᠯ ᠤᠨ ᠲᠣᠭᠲᠠᠴᠠ ᠶᠢ ᠪᠠᠶᠢᠭᠤᠯᠵᠤ᠂ ︽ᠰᠠᠭᠤᠷᠢ ᠲᠤᠭ᠎ᠠ ᠨᠢ ᠲᠣᠳᠣᠷᠬᠠᠢ︾ ︽ᠠᠵᠢᠯ ᠨᠢ ᠡᠷᠴᠢᠮᠲᠡᠢ︾ ︽ᠵᠥᠪᠰᠢᠶᠡᠷᠡᠴᠢᠬᠡᠭᠡᠳ ᠬᠠᠩᠭᠠᠭᠠᠳᠤᠢ ᠭᠠᠵᠠᠷ ᠰᠢᠷᠣᠢ ᠶᠢᠨ ᠬᠠᠩᠭᠠᠯᠭ᠎ᠠ ᠶᠢᠨ ᠠᠵᠢᠯᠯᠠᠭ᠎ᠠ ᠨᠢ ᠵᠢᠷᠤᠮ ᠲᠠᠢ︾ ︽ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠭᠰᠡᠨ ᠨᠢ ᠪᠦᠲᠦᠮᠵᠢᠲᠡᠶ︾ ᠪᠠ ︽ᠭᠠᠵᠠᠷ ᠰᠢᠷᠣᠢ ᠶᠢ ᠠᠮᠢᠯᠠᠭᠤᠯᠤᠭᠰᠠᠨ ᠦᠷ᠎ᠡ ᠪᠦᠲᠦᠮᠵᠢ ᠨᠢ ᠢᠯᠡᠳᠲᠡ︾ ᠲᠠᠪᠤᠨ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃      ᠬᠡᠷᠡᠭᠯᠡᠬᠦ ᠶᠢ ᠲᠡᠷᠢᠭᠦᠨ ᠳᠤ ᠲᠠᠯᠪᠢᠨ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ ᠠᠵᠢᠯ ᠢᠶᠠᠨ ᠠᠬᠢᠭᠤᠯᠤᠨ᠎ᠠ᠃ ︽ᠨᠢᠭᠡ ᠭᠠᠵᠠᠷ ᠲᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ︽ᠬᠠᠩᠭᠠᠯᠭ᠎ᠠ ᠪᠠᠷ ᠭᠤᠣᠯ ᠪᠣᠯᠭᠠᠬᠤ︾ ︽ᠬᠠᠩᠭᠠᠬᠤ ᠪᠠ ᠬᠦᠴᠦᠨ ᠦᠭᠡᠢ ᠪᠣᠯᠭᠠᠬᠤ ᠶᠢ ᠤᠶᠠᠯᠳᠤᠭᠤᠯᠬᠤ︾ ᠵᠠᠷᠴᠢᠮ ᠶᠣᠰᠣᠭᠠᠷ᠂ ︽ᠭᠠᠵᠠᠷ ᠰᠢᠷᠣᠢ ᠶᠢᠨ ᠬᠠᠩᠭᠠᠯᠭ᠎ᠠ ᠶᠢ ᠲᠦᠷᠭᠡᠳᠬᠡᠬᠦ︾ ︽ᠭᠠᠵᠠᠷ ᠰᠢᠷᠣᠢ ᠬᠠᠩᠭᠠᠬᠤ ᠭᠠᠷ ᠭᠦᠢᠴᠡᠳᠬᠡᠯ ᠢ ᠲᠡᠭᠦᠯᠳᠡᠷᠵᠢᠭᠦᠯᠬᠦ︾ ︽ᠬᠠᠷᠭᠤᠭᠤᠯᠤᠨ ᠬᠠᠰᠤᠬᠤ ᠵᠥᠪᠰᠢᠶᠡᠷᠡᠯ ᠤᠨ ᠪᠢᠴᠢᠭ︾ 3 ᠲᠥᠷᠥᠯ ᠤᠨ ᠠᠷᠭ᠎ᠠ ᠬᠡᠮᠵᠢᠶ᠎ᠡ ᠪᠠ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠬᠤ︾ ︽ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠬᠤ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠤᠭᠤᠴᠠᠭ᠎ᠠ ᠲᠣᠭᠲᠠᠭᠠᠨ ᠪᠡᠶᠡᠯᠡᠭᠦᠯᠬᠦ︾ ︽ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠭᠠᠵᠠᠷ ᠰᠢᠷᠣᠢ ᠬᠠᠩᠭᠠᠬᠤ ᠭᠠᠷ ᠭᠦᠢᠴᠡᠳᠬᠡᠯ ᠢ ᠲᠡᠭᠦᠯᠳᠡᠷᠵᠢᠭᠦᠯᠬᠦ︾ ᠵᠡᠷᠭᠡ 10 ᠵᠦᠢᠯ ᠤᠨ ᠪᠣᠳᠠᠲᠠᠢ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠠᠪᠴᠤ᠂ ᠵᠥᠪᠰᠢᠶᠡᠷᠡᠴᠢᠬᠡᠭᠡᠳ ᠬᠠᠩᠭᠠᠭᠠᠳᠤᠢ ᠭᠠᠵᠠᠷ ᠰᠢᠷᠣᠢ ᠶᠢ ᠰᠢᠩᠭᠡᠭᠡᠨ᠎ᠡ︔ ︽ᠡᠷᠬᠡ ᠠᠰᠢᠭ ᠢ ᠪᠠᠲᠤᠯᠠᠬᠤ︾ ︽ᠬᠡᠷᠡᠭᠯᠡᠬᠦ ᠶᠢ ᠲᠡᠷᠢᠭᠦᠨ ᠳᠤ ᠲᠠᠯᠪᠢᠬᠤ︾ ᠪᠠ ︽ᠰᠡᠷᠭᠡᠶᠢᠯᠡᠬᠦ ᠵᠠᠯᠬᠠᠭᠠᠬᠤ ᠶᠢ ᠵᠡᠷᠭᠡᠪᠡᠷ ᠴᠢᠬᠤᠯᠠᠴᠢᠯᠠᠬᠤ︾ ᠵᠠᠷᠴᠢᠮ ᠤᠨ ᠶᠣᠰᠣᠭᠠᠷ᠂ ︽ᠠᠵᠢᠯ ᠡᠬᠢᠯᠡᠭᠦᠯᠵᠦ ᠨᠡᠭᠡᠭᠡᠨ ᠠᠰᠢᠭᠯᠠᠬᠤ ᠬᠤᠭᠤᠴᠠᠭ᠎ᠠ ᠶᠢ ᠤᠷᠲᠤᠳᠬᠠᠬᠤ︾ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠡᠯᠡᠯᠴᠡᠭᠡᠷ ᠢᠶᠠᠷ ᠦᠨ᠎ᠡ ᠲᠥᠯᠥᠪᠦᠷᠢ ᠲᠠᠢ ᠪᠠᠷ ᠪᠤᠴᠠᠭᠠᠨ ᠠᠪᠬᠤ︾ ︽ᠬᠠᠤᠯᠢ ᠶᠢᠨ ᠪᠠᠶᠢᠭᠤᠯᠭ᠎ᠠ ᠲᠠᠢ ᠵᠥᠪᠳᠡᠯᠴᠡᠨ ᠰᠢᠢᠳᠪᠦᠷᠢᠯᠡᠬᠦ︾ ᠵᠡᠷᠭᠡ 8 ᠵᠦᠢᠯ ᠤᠨ ᠠᠷᠭ᠎ᠠ ᠬᠡᠮᠵᠢᠶ᠎ᠡ ᠶᠢ ᠠᠪᠴᠤ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠨ᠎ᠡ᠃      ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠤᠯᠲᠠ ᠪᠠᠷ᠂ 2023 ᠣᠨ ᠳᠤ ᠮᠠᠨ ᠤ ᠬᠤᠲᠠ ᠶᠢᠨ ᠵᠥᠪᠰᠢᠶᠡᠷᠡᠴᠢᠬᠡᠭᠡᠳ ᠬᠠᠩᠭᠠᠭᠠᠳᠤᠢ ᠭᠠᠵᠠᠷ ᠰᠢᠷᠣᠢ ᠶᠢ ᠰᠢᠩᠭᠡᠭᠡᠬᠦ ᠡᠭᠦᠷᠭᠡ 2.46 ᠲᠦᠮᠡᠨ ᠮᠦ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ 0.27 ᠲᠦᠮᠡᠨ ᠮᠦ ᠪᠤᠢ᠃ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠨᠢᠭᠡᠨᠲᠡ 1.0341 ᠲᠦᠮᠡᠨ ᠮᠦ ᠵᠥᠪᠰᠢᠶᠡᠷᠡᠴᠢᠬᠡᠭᠡᠳ ᠬᠠᠩᠭᠠᠭᠠᠳᠤᠢ ᠭᠠᠵᠠᠷ ᠰᠢᠷᠣᠢ ᠶᠢ ᠰᠢᠩᠭᠡᠭᠡᠵᠦ᠂ ᠣᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ 42.04% ᠬᠦᠷᠪᠡ︔ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠨᠢᠭᠡᠨᠲᠡ 0.1441 ᠲᠦᠮᠡᠨ ᠮᠦ ᠰᠢᠢᠳᠪᠦᠷᠢᠯᠡᠵᠦ᠂ ᠣᠨ ᠤ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ 53.37% ᠬᠦᠷᠪᠡ᠃     ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ