︵ᠰᠤᠷᠪᠤᠯᠵᠢᠯᠠᠭᠴᠢ ᠦ᠋ ᠽᠢ ᠰᠢᠤᠸᠠᠨ︶ 5 ᠳ᠋ᠤᠭᠠᠷ ᠰᠠᠷ᠎ᠠ ᠶᠢᠨ 30 ᠤ ᠡᠳᠦᠷ ᠪᠣᠯ ᠳᠣᠯᠣᠭᠠᠳᠠᠭᠢ ᠤᠳᠠᠭ᠎ᠠ ᠶᠢᠨ ︽ᠪᠦᠬᠦ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠳ ᠤᠨ ᠡᠳᠦᠷ︾ ᠪᠣᠯᠣᠨ᠎ᠠ᠃ ᠬᠥᠬᠡᠬᠤᠲᠠ ᠶᠢᠨ 2023 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ | ᠰᠠᠭᠤᠳᠠᠯ ᠤᠨ ᠬᠤᠷᠠᠯ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭᠠᠨ ᠤ ᠲᠠᠰᠤᠭ ᠲᠤ | ᠶᠠᠪᠤᠭᠳᠠᠪᠠ᠃ | ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠬᠠᠨ ᠵᠢᠶᠠ ᠲᠦᠩ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠤᠬᠠᠭᠤᠯᠤᠨ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠧᠩ ᠨᠢᠦ᠂ | ᠢᠦᠢ ᠬᠠᠩ ᠿᠧᠨ᠂ ᠣᠷᠴᠢᠨ ᠠᠬᠤᠢ ᠶᠢᠨ ᠰᠢᠨᠵᠢᠯᠡᠭᠡᠨ ᠤ ᠨᠡᠶᠢᠭᠡᠮᠯᠢᠭ ᠵᠡᠷᠭᠡ ᠠᠵᠤ ᠠᠬᠤᠶᠢᠯᠠᠯ ᠪᠣᠯᠣᠨ ᠨᠢᠭᠡᠴᠡ ᠶᠢᠨ ᠲᠥᠯᠥᠭᠡᠯᠡᠭᠴᠢᠳ ᠥᠪᠡᠷ ᠥᠪᠡᠷ ᠤᠨ ᠬᠥᠭᠵᠢᠯᠲᠡ ᠶᠢᠨ | ᠳᠤᠮᠳᠠᠬᠢ ᠰᠠᠶᠢᠨ ᠲᠤᠷᠰᠢᠯᠭ᠎ᠠ ᠪᠠᠨ ᠰᠣᠯᠢᠯᠴᠠᠪᠠ᠃ | ᠬᠤᠷᠠᠯ ᠠᠴᠠ᠂ ᠣᠷᠣᠨ ᠤ ᠲᠥᠪ ᠤᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠠᠮ ᠪᠣᠯᠣᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠵᠤ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠢᠳᠡᠪᠬᠢᠲᠡᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠢᠳᠡᠪᠬᠢᠲᠡᠢ ᠪᠠᠷ ᠦᠢᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠳᠦᠷ | ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠡᠰᠢᠭᠦᠳ ᠤᠨ ᠡᠳᠦᠷ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠳ ᠢ ᠰᠤᠷᠪᠤᠯᠵᠢᠯᠠᠨ ᠲᠣᠬᠤᠨᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠠᠨᠢᠯᠴᠠᠭᠤᠯᠤᠨ ᠤᠬᠠᠭᠤᠯᠵᠤ᠂ ᠬᠠᠢ ᡁᠢ ᠶᠢᠨ ᠠᠵᠢᠯ ᠤᠨ ᠦᠷᠳᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠦᠷᠳᠡᠭᠡ ᠶᠢ ᠪᠠᠶᠢᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠡᠷᠳᠡᠮ | ᠰᠢᠨᠵᠢᠯᠡᠭᠡᠨ ᠤ ᠰᠣᠯᠢᠯᠴᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠳᠤ ᠰᠠᠶᠢᠨ | ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢ ᠦᠨᠡᠨ ᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠭᠡᠷ ᠪᠦᠯᠢ ᠪᠣᠯᠭᠠᠪᠠ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |