ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ 2022 ᠣᠨ ᠤ ᠪᠥᠬᠦ ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/5/31
      ︵ᠰᠤᠷᠪᠤᠯᠵᠢᠯᠠᠭᠴᠢ ᠭᠧᠩ ᠰᠢᠨ︶ 5 ᠳ᠋ᠤᠭᠠᠷ ᠰᠠᠷ᠎ᠠ ᠶᠢᠨ 30  ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ 2022 ᠣᠨ ᠤ ᠪᠥᠬᠦ ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠬᠤᠲᠠ ᠶᠢᠨ ᠵᠠᠰᠠᠭ ᠤᠨ ᠣᠷᠳᠣᠨ ᠤ 2022 ᠣᠨ ᠤ ᠪᠦᠬᠦ ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ᠂ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠪᠠᠷ ᠲᠤᠰᠢᠶᠠᠭᠰᠠᠨ ᠡᠯ᠎ᠡ ᠲᠦᠷᠦᠯ ᠤᠨ ᠬᠡᠷᠡᠭ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠤᠷᠠᠯ ᠳᠤ ᠣᠷᠣᠯᠴᠠᠭᠰᠠᠳ ᠠᠴᠠ ᠮᠠᠨ ᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠬᠢᠭᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃ ᠳᠠᠷᠠᠭ᠎ᠠ ᠨᠢ ᠪᠠᠭ᠎ᠠ ᠲᠦᠷᠭᠡᠨ ᠭᠤᠣᠯ ᠤᠨ ᠠᠮᠢ ᠠᠬᠤᠢ ᠶᠢ ᠴᠡᠪᠡᠷᠰᠢᠭᠦᠯᠬᠦ ᠢᠨᠵᠧᠨᠧᠷᠢᠩ᠂ ᠵᠢᠨᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠢᠨᠵᠧᠨᠧᠷᠢᠩ᠂ ᠭᠤᠣᠯ ᠤᠨ ᠤᠰᠤᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠠᠭᠠᠯᠠᠯᠲᠠ ᠶᠢᠨ ᠢᠨᠵᠧᠨᠧᠷᠢᠩ ᠪᠣᠯᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠡᠢ᠃      ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠴᠠᠭ ᠢᠮᠠᠭᠲᠠ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠ ᠤᠯᠤᠰ ᠲᠦᠷᠦ ᠶᠢᠨ ᠡᠭᠦᠷᠭᠡ ᠪᠠ ᠬᠤᠷᠢᠭ᠎ᠠ ᠱᠤᠭᠤᠮ ᠤᠨ ᠡᠭᠦᠷᠭᠡ ᠪᠣᠯᠭᠠᠨ ᠠᠳᠬᠤᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠣᠭᠠᠯᠠᠭᠰᠠᠨ᠂ ᠵᠡᠭᠦᠨᠰᠢ ᠪᠠᠷᠠᠭᠤᠨᠰᠢ ᠬᠠᠮᠵᠢᠯᠴᠠᠭᠰᠠᠨ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠲᠤ ᠥᠩᠭᠡ ᠪᠣᠳᠤᠭ ᠨᠡᠮᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠪᠦᠲᠦᠮᠵᠢᠲᠡᠢ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠷᠭ᠎ᠠ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠡᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ