5 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠷᠭᠡᠨ ᠣᠯᠠᠨ ᠲᠦᠮᠡᠨ ᠤ ᠣᠨᠳᠣᠣ ᠭᠠᠵᠠᠷ ᠲᠤ ᠣᠷᠤᠭ ᠤᠨ ᠳᠠᠩᠰᠠᠯᠠᠯᠲᠠ ᠬᠢᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠷᠰᠢᠯᠲᠠ ᠶᠢᠨ | ᠬᠡᠪᠴᠢᠶᠡᠨ ᠳᠤ ᠣᠷᠣᠵᠤ᠂ ᠲᠤᠷᠰᠢᠯᠲᠠ ᠶᠢᠨ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ 1 ᠤ ᠡᠳᠦᠷ ᠠᠴᠠ 2025 | ᠣᠨ ᠤ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠣᠷᠣᠨ ᠳᠤ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠤᠨ ᠳᠠᠩᠰᠠᠯᠠᠯᠲᠠ ᠶᠢ | ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠢ ᠬᠡᠷᠡᠭᠵᠢᠭᠦᠯᠦᠨ᠎ᠡ᠃ | ᠣᠶᠢᠯᠠᠭᠠᠭᠰᠠᠨ ᠢᠶᠠᠷ᠂ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠤᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠭᠡᠳᠡᠭ ᠨᠢ ᠡᠷᠡᠭᠲᠡᠢ ᠡᠮᠡᠭᠲᠡᠢ ᠬᠤᠶᠠᠷ ᠡᠲᠡᠭᠡᠳ ᠢᠶᠠᠷ ᠢᠶᠠᠨ ᠴᠥᠮ ᠲᠤᠰ ᠭᠠᠵᠠᠷ ᠤᠨ ᠡᠷᠦᠬᠡ ᠠᠮᠠ ᠶᠢᠨ ᠳᠠᠩᠰᠠ ᠦᠭᠡᠢ ᠤᠷᠤᠭ ᠳᠠᠩᠰᠠᠯᠠᠯᠲᠠ ᠬᠢᠯᠭᠡᠬᠦ | ᠲᠤᠬᠠᠢ ᠶᠢᠨ ᠬᠥᠮᠥᠨ ᠨᠢ ᠨᠢᠭᠡ ᠡᠲᠡᠭᠡᠳ ᠤᠨ ᠣᠷᠣᠰᠢᠨ ᠰᠠᠭᠤᠬᠤ ᠦᠨᠡᠮᠯᠡᠯ ᠪᠠ ᠬᠤᠶᠠᠷ ᠡᠲᠡᠭᠡᠳ ᠤᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ | ᠦᠨᠡᠮᠯᠡᠯ ᠢᠶᠠᠨ ᠠᠪᠴᠤ᠂ ᠣᠷᠣᠰᠢᠨ ᠰᠠᠭᠤᠬᠤ ᠦᠨᠡᠮᠯᠡᠯ ᠣᠯᠭᠤᠭᠰᠠᠨ ᠭᠠᠵᠠᠷ ᠤᠨ ᠤᠷᠤᠭ ᠤᠨ ᠳᠠᠩᠰᠠᠯᠠᠯᠲᠠ ᠶᠢᠨ ᠪᠠᠶᠢᠭᠤᠯᠭ᠎ᠠ ᠳᠤ ᠤᠷᠤᠭ ᠤᠨ | ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠪᠤᠶᠤ ᠥᠪᠡᠰᠦᠪᠡᠨ ᠰᠤᠩᠭᠤᠵᠤ ᠪᠠᠶᠢᠭᠠᠳ ᠨᠢᠭᠡ ᠡᠲᠡᠭᠡᠳ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ | ᠪᠠᠶᠢᠭ᠎ᠠ ᠭᠠᠵᠠᠷ ᠲᠤ ᠤᠷᠤᠭ ᠤᠨ ᠳᠠᠩᠰᠠᠯᠠᠯᠲᠠ ᠬᠢᠯᠭᠡᠵᠦ ᠪᠣᠯᠣᠨ᠎ᠠ᠃ ᠡᠷᠡᠭᠲᠡᠢ ᠡᠮᠡᠭᠲᠡᠢ ᠬᠤᠶᠠᠷ ᠡᠲᠡᠭᠡᠳ ᠪᠤᠶᠤ ᠨᠢᠭᠡ ᠡᠲᠡᠭᠡᠳ ᠤᠨ ᠲᠤᠬᠠᠢ ᠶᠢᠨ ᠬᠥᠮᠥᠨ | ᠨᠢ ᠥᠪᠥᠷ ᠮᠣᠩᠭᠤᠯ ᠤᠨ ᠡᠷᠦᠬᠡ ᠠᠮᠠ ᠶᠢᠨ ᠲᠠᠩᠰᠠ ᠲᠠᠢ ᠪᠠᠶᠢᠪᠠᠯ ᠣᠷᠣᠰᠢᠨ ᠰᠠᠭᠤᠬᠤ ᠦᠨᠡᠮᠯᠡᠯ ᠬᠠᠩᠭᠠᠬᠤ ᠴᠢᠬᠤᠯᠠ ᠦᠭᠡᠢ᠂ ᠪᠥᠬᠦ ᠣᠷᠣᠨ ᠤ | ᠬᠡᠪᠴᠢᠶᠡᠨ ᠳᠠᠬᠢ ᠳᠤᠷ᠎ᠠ ᠶᠢᠨ ᠣᠷᠤᠭ ᠤᠨ ᠳᠠᠩᠰᠠᠯᠠᠯᠲᠠ ᠶᠢᠨ ᠪᠠᠶᠢᠭᠤᠯᠭ᠎ᠠ ᠳᠤ ᠣᠷᠤᠭ ᠤᠨ ᠳᠠᠩᠰᠠᠯᠠᠯᠲᠠ ᠬᠢᠯᠭᠡᠵᠦ ᠪᠣᠯᠣᠨ᠎ᠠ᠃ ᠭᠡᠪᠡᠴᠦ᠂ ᠣᠷᠤᠭ ᠤᠨ | ᠳᠠᠩᠰᠠᠯᠠᠯᠲᠠ ᠶᠢᠨ ᠦᠨᠡᠮᠯᠡᠯ ᠢᠶᠠᠨ ᠨᠦᠬᠦᠬᠦ᠂ ᠭᠠᠳᠠᠭᠠᠳᠤ ᠳᠤ ᠬᠤᠯᠪᠣᠭᠳᠠᠬᠤ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠳᠤᠮᠳᠠᠳᠤ ᠶᠢᠨ | ᠬᠠᠷᠢᠶᠠᠲᠤ ᠳᠤ ᠬᠤᠯᠪᠣᠭᠳᠠᠬᠤ ᠰᠠᠭᠤᠭᠠᠯᠢ ᠠᠷᠠᠳ ᠣᠷᠤᠭ ᠤᠨ ᠳᠠᠩᠰᠠᠯᠠᠯᠲᠠ ᠬᠢᠯᠭᠡᠬᠦ᠂ ᠣᠷᠤᠭ ᠤᠨ ᠳᠠᠩᠰᠠᠯᠠᠯᠲᠠ ᠶᠢᠨ ︵ᠤᠷᠤᠭᠯᠠᠭᠰᠠᠨ ᠦᠭᠡᠢ︶ | ᠭᠡᠷᠡᠴᠢ ᠭᠠᠷᠭᠠᠵᠤ ᠥᠭᠬᠦ᠂ ᠣᠷᠤᠭ ᠤᠨ ᠲᠠᠩᠰᠠ ᠡᠪᠬᠡᠮᠡᠯ ᠢ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠢ ᠲᠣᠰ ᠤᠳᠠᠭᠠᠨ ᠤ ᠳᠣᠲᠤᠷ ᠭᠠᠵᠠᠷ ᠤᠨ ᠰᠠᠭᠤᠭᠠᠯᠢ | ᠠᠷᠠᠳ ᠤᠨ ᠣᠷᠤᠭ ᠤᠨ ᠳᠠᠩᠰᠠᠯᠠᠯᠲᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠷᠰᠢᠯᠲᠠ ᠶᠢᠨ ᠬᠡᠪᠴᠢᠶᠡᠨ ᠳᠤ ᠲᠦᠷ ᠣᠷᠣᠭᠤᠯᠬᠤ ᠦᠭᠡᠢ᠃ | ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | |