ᠬᠥᠬᠡᠬᠤᠲᠠ ᠶᠢᠨ ᠨᠢᠰᠬᠡᠯ ᠤᠨ ᠪᠠᠭᠤᠳᠠᠯ ᠱᠠᠩᠬᠠᠢ ︱ ᠬᠥᠬᠡᠬᠤᠲᠠ ︱ ᠬᠠᠶᠢᠯᠠᠷ ᠤᠨ ᠠᠭᠠᠷ ᠤᠨ ᠠᠶᠠᠯᠠᠯ ᠤᠨ ᠱᠤᠭᠤᠮ ᠤᠨ ᠨᠢᠰᠬᠡᠯ ᠤᠨ ᠡᠭᠡᠯᠵᠢ ᠶᠢ ᠨᠡᠮᠡᠪᠡ
ᠨᠡᠶᠢᠲᠡᠯᠡᠭᠰᠡᠨ ᠴᠠᠭ᠄
2023/5/31
      ᠥᠴᠥᠭᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠨ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠱᠠᠩᠬᠠᠢ ︱ ᠬᠥᠬᠡᠬᠤᠲᠠ ︱ ᠬᠠᠶᠢᠯᠠᠷ ᠤᠨ ᠠᠭᠠᠷ ᠤᠨ ᠠᠶᠠᠯᠠᠯ ᠤᠨ ᠱᠤᠭᠤᠮ ᠳᠤ ᠡᠳᠦᠷ ᠪᠦᠷᠢ ᠨᠢᠭᠡ ᠡᠭᠡᠯᠵᠢ ᠶᠢᠨ ᠨᠢᠰᠬᠡᠯ ᠨᠡᠮᠡᠵᠦ᠂ ᠱᠠᠩᠬᠠᠢ ︱ ᠬᠥᠬᠡᠬᠤᠲᠠ ︱ ᠬᠠᠶᠢᠯᠠᠷ ᠤᠨ ᠠᠭᠠᠷ ᠤᠨ ᠠᠶᠠᠯᠠᠯ ᠤᠨ ᠱᠤᠭᠤᠮ ᠤᠨ ᠡᠭᠡᠯᠵᠢ ᠶᠢᠨ ᠨᠢᠰᠬᠡᠯ ᠡᠳᠦᠷ ᠪᠦᠷᠢ ᠳᠤᠮᠳᠠᠴᠢ ᠪᠠᠷ 2 ᠡᠭᠡᠯᠵᠢ ᠪᠣᠯᠵᠤ᠂ ᠠᠶᠠᠨᠴᠢᠳ ᠤᠨ ᠶᠠᠪᠤᠵᠤ ᠰᠠᠭᠤᠬᠤ ᠳᠤ ᠨᠠᠩ ᠲᠥᠬᠦᠮ ᠪᠣᠯᠵᠠᠢ᠃      ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠪᠣᠯᠣᠨ ᠬᠠᠶᠢᠯᠠᠷ ᠤᠨ ᠬᠤᠭᠤᠷᠣᠨᠳᠤ ᠶᠠᠪᠤᠵᠤ ᠪᠤᠴᠠᠬᠤ ᠨᠢᠰᠬᠡᠯ ᠤᠨ ᠪᠢᠯᠧᠲ ᠤᠨ ᠦᠨ᠎ᠡ ᠦᠷᠭᠦᠯᠵᠢᠯᠡᠨ ᠬᠢᠮᠳᠠ ᠪᠠᠶᠢᠳᠠᠯ ᠳᠤ ᠪᠠᠶᠢᠵᠤ᠂ ᠲᠠᠩ ᠠᠶᠠᠯᠠᠯ ᠤᠨ ᠨᠢᠰᠬᠡᠯ ᠤᠨ ᠪᠢᠯᠧᠲ ᠤᠨ ᠦᠨ᠎ᠡ ᠬᠠᠮᠤᠭ ᠤᠨ ᠳᠣᠣᠷ᠎ᠠ ᠳᠠᠭᠠᠨ 130 ᠲᠥᠭᠦᠷᠢᠭ ᠪᠣᠯᠵᠠᠢ᠂ ᠰᠢ ᠠᠨ᠂ ᠱᠢ ᠵᠢᠶᠠ ᠵᠤᠸᠠᠩ᠂ ᠲᠢᠶᠠᠨᠵᠢᠨ᠂ ᠵᠧᠩᠵᠧᠦ᠂ ᠨᠠᠨᠵᠢᠩ᠂ ᠴᠧᠩᠳᠦ᠋᠂ ᠴᠦᠩᠴᠢᠩ᠂ ᠴᠠᠩᠱᠠ ᠵᠡᠷᠭᠡ ᠬᠤᠲᠠ ᠶᠢᠨ ᠨᠢᠰᠬᠡᠯ ᠤᠨ ᠪᠢᠯᠧᠲ ᠤᠨ ᠦᠨ᠎ᠡ ᠮᠥᠨ ᠨᠡᠯᠢᠶᠡᠳ ᠬᠢᠮᠳᠠ ᠪᠠᠶᠢᠵᠤ᠂ ᠠᠶᠠᠨᠴᠢᠳ ᠤᠨ ᠶᠠᠪᠤᠵᠤ ᠰᠠᠭᠤᠬᠤ ᠥᠪᠡᠷ ᠤᠨ ᠥᠷᠲᠡᠭ ᠢ ᠲᠤᠶᠢᠯ ᠤᠨ ᠶᠡᠭᠡ ᠪᠠᠷ ᠪᠠᠭᠤᠷᠠᠭᠤᠯᠵᠠᠢ᠃      ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ