ᠶᠢᠦ ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠳᠤ ᠰᠠ ᠨᠧᠩ ᠰᠠᠭᠠᠯᠢ ᠶᠢᠨ ᠢᠮᠠᠭ᠎ᠠ ᠤᠷᠤᠭᠰᠢᠲᠠᠢ ᠪᠠᠷ ᠣᠷᠣᠵᠤ ᠰᠠᠭᠤᠪᠠ
ᠨᠡᠶᠢᠲᠡᠯᠡᠭᠰᠡᠨ ᠴᠠᠭ᠄
2023/5/4
      5 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠪᠥᠬᠦ ᠤᠯᠤᠰ ᠤᠨ ᠬᠠᠮᠤᠭ ᠤᠨ ᠲᠣᠮᠣ ᠳᠠᠩ ᠪᠡᠶ᠎ᠡ ᠲᠠᠢ ᠥᠨᠳᠥᠷ ᠪᠠᠷᠢᠮᠵᠢᠶᠠᠲᠤ ᠰᠠᠭᠠᠯᠢ ᠶᠢᠨ ᠢᠮᠠᠭᠠᠨ ᠤ ᠲᠠᠯᠠᠪᠠᠶ ︱ ᠶᠢᠦ ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭᠠᠨ ᠤ ᠲᠠᠯᠠᠪᠠᠶ ᠳᠤ ᠠᠩᠬᠠᠨ ᠤ ᠪᠦᠯᠦᠭ ᠤᠨ ᠴᠡᠪᠡᠷ ᠡᠭᠦᠯᠳᠡᠷ ᠤᠨ ᠰᠠ ᠨᠧᠩ ᠰᠠᠭᠠᠯᠢ ᠶᠢᠨ ᠢᠮᠠᠭ᠎ᠠ ᠤᠷᠤᠭᠰᠢᠲᠠᠢ ᠪᠠᠷ ᠣᠷᠣᠵᠤ ᠰᠠᠭᠤᠪᠠ᠃ᠣᠶᠢᠯᠠᠭᠠᠭᠰᠠᠨ ᠢᠶᠠᠷ᠂ ᠶᠢᠦ ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠰᠢᠨ᠎ᠡ ᠽᠧᠯᠡᠨᠳ᠋ ᠪᠣᠯᠣᠨ ᠠᠦ᠋ᠰᠲᠷᠠᠯᠢᠶ᠎ᠠ ᠠᠴᠠ 8500 ᠰᠠᠭᠠᠯᠢ ᠶᠢᠨ ᠢᠮᠠᠭ᠎ᠠ ᠣᠷᠣᠭᠤᠯᠵᠤ᠂ 2023 ᠣᠨ ᠤ 3 ᠳ᠋ᠤᠭᠠᠷ ᠰᠠᠷ᠎ᠠ ᠳᠤ ᠨᠢᠰᠬᠡᠯ ᠳᠤ ᠰᠠᠭᠤᠵᠤ᠂ ᠲᠡᠯᠡᠶ ᠭᠠᠲᠤᠯᠵᠤ ᠭᠠᠷᠠᠮ ᠳᠤ ᠬᠦᠷᠴᠦ ᠲᠤᠰᠠᠭᠠᠷᠯᠠᠪᠠ᠂ 2 ᠰᠠᠷ᠎ᠠ ᠶᠢᠨ ᠲᠤᠰᠠᠭᠠᠷᠯᠠᠨ ᠬᠢᠵᠢᠭ ᠤᠨ ᠪᠠᠶᠢᠴᠠᠭᠠᠯᠲᠠ ᠬᠢᠬᠦ ᠪᠠᠷ ᠳᠡᠮᠵᠢᠨ᠂ ᠣᠯᠠᠨ ᠲᠠᠯ᠎ᠠ ᠶᠢᠨ ᠪᠠᠶᠢᠴᠠᠭᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠲᠣᠰ ᠰᠠᠷ᠎ᠠ ᠳᠤ ᠮᠠᠨ ᠤ ᠰᠢᠶᠠᠨ ᠳᠤ ᠵᠠᠯᠭᠠᠭ᠎ᠠ ᠪᠠᠷ ᠣᠷᠣᠵᠤ ᠰᠠᠭᠤᠬᠤ ᠪᠣᠯᠣᠨ᠎ᠠ᠃      ᠣᠶᠢᠷ᠎ᠠ ᠶᠢᠨ ᠵᠢᠯ ᠤᠳ ᠲᠤ᠂ ᠢᠮᠠᠭᠠᠨ ᠰᠦ ᠶᠢᠨ ᠬᠡᠷᠡᠭᠯᠡᠭᠡᠨ ᠤ ᠬᠠᠯᠠᠮᠰᠢᠯ ᠦᠷᠭᠦᠯᠵᠢᠯᠡᠨ ᠳᠡᠭᠡᠭᠰᠢᠯᠡᠵᠦ᠂ ᠢᠮᠠᠭᠠᠨ ᠰᠦᠨ ᠲᠠᠯᠬ᠎ᠠ ᠨᠢ ᠭᠠᠳᠠᠭᠠᠳᠤ ᠠᠴᠠ ᠣᠷᠣᠭᠤᠯᠤᠭᠰᠠᠨ ᠰᠦᠨ ᠲᠠᠯᠬ᠎ᠠ ᠶᠢ ᠣᠷᠣᠯᠠᠬᠤ ᠰᠢᠨ᠎ᠡ ᠲᠥᠷᠥᠯ ᠵᠦᠢᠯ ᠪᠣᠯᠤᠭᠰᠠᠨ ᠪᠠᠶᠢᠨ᠎ᠠ᠃ᠶᠢᠦ ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠨᠢ ᠣᠳᠣᠬᠠᠨ ᠤ ᠪᠥᠬᠦ ᠤᠯᠤᠰ ᠤᠨ ᠬᠠᠮᠤᠭ ᠤᠨ ᠲᠣᠮᠣ ᠲᠠᠩ ᠪᠡᠶ᠎ᠡ ᠲᠠᠢ ᠥᠨᠳᠥᠷ ᠪᠠᠷᠢᠮᠵᠢᠶᠠᠲᠤ ᠰᠠᠭᠠᠯᠢ ᠶᠢᠨ ᠢᠮᠠᠭᠠᠨ ᠤ ᠲᠠᠯᠠᠪᠠᠶ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠠᠮᠤᠭ ᠤᠨ ᠲᠡᠷᠢᠭᠦᠨ ᠤ ᠣᠶᠤᠨᠴᠢᠯᠠᠭᠰᠠᠨ ᠲᠥᠬᠦᠭᠡᠷᠦᠮᠵᠢ ᠶᠢ ᠬᠡᠷᠡᠭᠯᠡᠬᠦ ᠶᠢᠨ ᠬᠠᠮᠲᠤ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠢ ᠬᠡᠷᠡᠭᠯᠡᠨ᠂ ᠬᠤᠨᠢᠨ ᠰᠠᠷᠠᠪᠴᠢ ᠶᠢᠨ ᠣᠷᠴᠢᠨ ᠲᠣᠭᠤᠷᠢᠨ ᠤ ᠠᠦ᠋ᠲ᠋ᠣ᠋ ᠡᠵᠡᠮᠰᠢᠯ ᠢ ᠪᠡᠶᠡᠯᠡᠭᠦᠯᠵᠦ᠂ ᠬᠤᠨᠢᠨ ᠰᠦᠷᠦᠭ ᠤᠨ ᠠᠷᠠᠴᠢᠯᠠᠨ ᠲᠡᠵᠢᠭᠡᠬᠦ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠲᠥᠷᠥᠯ ᠵᠦᠢᠯ ᠤᠨ ᠲᠥᠯᠥᠪᠵᠢᠭᠦᠯᠭᠡ ᠳᠤ 5 ᠲᠦᠮᠡᠨ ᠲᠣᠯᠣᠭᠠᠢ ᠢᠮᠠᠭ᠎ᠠ ᠲᠡᠵᠢᠭᠡᠵᠦ᠂ ᠶᠡᠷᠦᠩᠬᠡᠢ 5.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ ᠪᠠᠷᠤᠭ 1155 ᠮᠦ ᠪᠠᠶᠢᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠡᠳᠦᠷ ᠲᠤ ᠪᠠᠷᠤᠭ 63 ᠲᠣᠨ ᠰᠦ ᠭᠠᠷᠴᠤ᠂ ᠳᠡᠭᠡᠳᠦ ᠤᠷᠤᠰᠬᠠᠯ ᠠᠴᠠ ᠴᠢᠨᠠᠷ ᠰᠠᠶᠢᠲᠠᠢ ᠲᠦᠭᠦᠬᠡᠢ ᠰᠦ ᠶᠢᠨ ᠬᠠᠩᠭᠠᠯᠭ᠎ᠠ ᠶᠢ ᠪᠠᠲᠤᠯᠠᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ