ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2023/5/4
      ︵ᠰᠤᠷᠪᠤᠯᠵᠢᠯᠠᠭᠴᠢ ᠴᠡᠪᠡᠷᠬᠠᠰ︶ ᠲᠦᠷᠦᠭᠦᠬᠡᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 280.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃      ᠣᠶᠢᠯᠠᠭᠠᠭᠰᠠᠨ ᠢᠶᠠᠷ᠂ ᠬᠡᠷᠡᠭᠯᠡᠭᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠣᠷᠣᠨ ᠤ ᠲᠥᠪ ᠤᠨ ᠵᠠᠬ᠎ᠠ ᠳᠡᠯᠭᠡᠭᠦᠷ ᠤᠨ ᠢᠲᠡᠭᠡᠯ ᠨᠡᠶᠢᠳᠡᠮ ᠳᠡᠭᠡᠨ ᠴᠢᠩᠭᠠᠷᠠᠵᠤ᠂ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 21.7% ᠨᠡᠮᠡᠭᠳᠡᠵᠡᠢ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 30.1% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠡᠢ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠬᠥᠭᠵᠢᠬᠦ ᠶᠢ ᠳᠠᠭᠠᠯᠳᠤᠨ᠂ ᠪᠥᠬᠦ ᠬᠤᠲᠠ ᠶᠢᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠮᠠᠰᠢ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ ᠢᠳᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 38.3% ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠬᠢ ᠠᠳᠠᠯᠢ ᠬᠤᠭᠤᠴᠠᠭᠠᠨ ᠤ ᠬᠢ ᠠᠴᠠ 19.4% ᠨᠡᠮᠡᠭᠳᠡᠵᠦ᠂ ᠬᠤᠪᠴᠠᠰᠤ ᠬᠤᠨᠠᠷ ᠱᠠᠬᠠᠢ ᠮᠠᠯᠠᠭᠠᠢ ᠵᠡᠭᠦᠦ ᠨᠡᠬᠡᠮᠡᠯ ᠤᠨ ᠵᠦᠢᠯ ᠤᠨ ᠬᠢ ᠠᠳᠠᠯᠢ ᠬᠤᠭᠤᠴᠠᠭᠠᠨ ᠤ  ᠬᠢ ᠠᠴᠠ 2.7% ᠨᠡᠮᠡᠭᠳᠡᠵᠡᠢ᠃ ᠲᠠᠰ ᠳᠡᠪᠰᠢᠬᠦ ᠲᠥᠷᠥᠯ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠡᠯᠧᠺᠲᠷᠣᠨ ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 289.0% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 31.7% ᠨᠡᠮᠡᠭᠳᠡᠵᠡᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ