ᠵᠠᠯᠠᠭᠤᠴᠤᠳ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ ︱ ᠴᠢᠩ ᠱᠦᠢ ᠾᠧ ᠰᠢᠶᠠᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ ︽5·4︾  ᠤ ᠵᠠᠯᠠᠭᠤᠴᠤᠳ ᠤᠨ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2023/5/5
     ︽5·4︾  ᠤ ᠵᠠᠯᠠᠭᠤᠴᠤᠳ ᠤᠨ ᠪᠠᠶᠠᠷ ᠤᠨ ᠬᠦᠷᠴᠦ ᠢᠷᠡᠬᠦ ᠶᠢ ᠤᠭᠲᠤᠬᠤ ᠵᠢᠨ‌‍ᠲ᠋ᠤᠰᠠᠳᠠ᠂ 5 ᠳ᠋ᠤᠭᠠᠷ ᠰᠠᠷ᠎ᠠ ᠶᠢᠨ 4  ᠤ ᠡᠳᠦᠷ᠂ ᠴᠢᠩ ᠱᠦᠢ ᠾᠧ ᠰᠢᠶᠠᠨ ᠤ ᠬᠢᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠣᠳᠠᠲᠤ ᠠᠵᠢᠯᠯᠠᠭ᠎ᠠ ᠪᠠᠷ ᠢᠶᠠᠨ ︽5·4︾  ᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠠᠶᠠᠨ ᠵᠠᠮ ᠳᠠᠭᠠᠨ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠪᠡ᠃
展示青年风采 凝聚奋进力量——清水河县举办主题活动庆祝五四青年节1.jpg
展示青年风采 凝聚奋进力量——清水河县举办主题活动庆祝五四青年节3.jpg
展示青年风采 凝聚奋进力量——清水河县举办主题活动庆祝五四青年节2.jpg
      ᠰᠤᠷᠪᠤᠯᠵᠢᠯᠠᠭᠴᠢ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠷᠭᠡᠨ ᠤᠯᠠᠨ ᠵᠠᠯᠠᠭᠤᠴᠤᠳ ᠤᠯᠤᠰ ᠭᠡᠷ ᠤᠨ ᠢᠶᠠᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠷᠤᠭᠰᠢᠯᠠᠨ ᠲᠠᠪᠰᠢᠬᠤ ᠵᠠᠩ ᠰᠤᠷᠲᠠᠯ ᠢ ᠪᠣᠯᠪᠠᠰᠤᠷᠠᠭᠤᠯᠵᠤ᠂ ᠲᠡᠮᠡᠴᠡᠯ ᠤᠨ ᠳᠦᠷᠢ ᠲᠥᠷᠬᠦ ᠪᠠᠷ ᠵᠠᠯᠠᠭᠤ ᠨᠠᠰᠤ ᠪᠠᠨ ᠬᠥᠭᠵᠢᠭᠡᠵᠦ ᠪᠠᠶᠢᠬᠤ ᠶᠢ ᠣᠯᠵᠤ ᠬᠠᠷᠠᠵᠠᠢ᠃ᠵᠠᠭᠤᠨ ᠵᠢᠯ ᠤᠨ ᠡᠮᠦᠨᠡᠬᠢ ᠵᠠᠯᠠᠭᠤ ᠨᠠᠰᠤᠨ ᠤ ᠭᠡᠷᠡᠯ ᠵᠢᠷᠤᠭ ᠨᠢᠳᠦᠨ ᠡᠮᠦᠨ᠎ᠡ ᠲᠣᠳᠣᠷᠠᠵᠤ᠂ ᠥᠨᠢᠳᠡ ᠪᠠᠯᠠᠷᠠᠰᠢ ᠦᠭᠡᠢ ᠤᠶᠤᠨ ᠰᠠᠨᠠᠭᠠᠨ ᠤ ᠳᠤᠷᠠᠳᠬᠠᠯ ᠪᠣᠯᠵᠤ᠂ ᠳᠠᠭᠤᠤ ᠬᠥᠭᠵᠢᠮ ᠠᠴᠠ ᠤᠷᠠᠨ ᠤᠩᠰᠢᠯᠭ᠎ᠠ ᠬᠦᠷᠲᠡᠯ᠎ᠡ᠂ ᠬᠤᠪᠢᠶᠠᠯᠴᠠᠨ ᠡᠳ᠋ᠯᠡᠬᠦ ᠠᠴᠠ ᠲᠥᠷᠥᠭᠳᠡᠯ ᠬᠦᠷᠲᠡᠯ᠎ᠡ᠂ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠵᠠᠯᠠᠭᠤᠴᠤᠳ ᠤᠯᠠᠨ ᠵᠦᠢᠯ ᠤᠨ ᠬᠡᠯᠪᠡᠷᠢ ᠪᠠᠷ ᠤᠯᠤᠰ ᠢᠶᠠᠨ ᠬᠠᠶᠢᠷᠠᠯᠠᠬᠤ᠂ ᠦᠢᠯᠡᠰ ᠢᠶᠠᠨ ᠳᠡᠭᠡᠳᠦᠯᠡᠬᠦ᠂ ᠡᠷᠡᠯᠬᠡᠭ ᠪᠠᠭᠠᠲᠤᠷᠯᠢᠭ᠂ ᠬᠠᠷᠢᠭᠤᠴᠠᠯᠭ᠎ᠠ ᠡᠭᠦᠷᠭᠡᠯᠡᠬᠦ ᠵᠠᠯᠠᠭᠤᠴᠤᠳ ᠤᠨ ᠬᠠᠶᠢᠷ᠎ᠠ ᠰᠡᠳᠬᠢᠯᠭᠡ ᠪᠠᠨ ᠢᠯᠡᠳᠬᠡᠵᠦ ᠪᠠᠶᠢᠯ᠎ᠠ᠃     ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ ᠪᠣᠯᠤᠭᠰᠠᠨ ᠤ ᠬᠤᠪᠢ ᠳᠤ᠂ ᠥᠷᠭᠡᠨ ᠤᠯᠠᠨ ᠵᠠᠯᠠᠭᠤᠴᠤᠳ ᠴᠠᠭ ᠢᠮᠠᠭᠲᠠ ᠥᠪᠡᠷ ᠤᠨ ᠪᠡᠶ᠎ᠡ ᠪᠣᠯᠣᠨ ᠤᠯᠤᠰ ᠣᠷᠣᠨ ᠤ ᠬᠠᠷᠢᠴᠠᠭ᠎ᠠ ᠪᠠᠨ ᠬᠠᠮᠲᠤ ᠪᠠᠶᠢᠯᠭᠠᠵᠤ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤ ᠪᠣᠯᠵᠤ᠂ ᠪᠣᠳᠠᠲᠠᠢ ᠠᠵᠢᠯᠯᠠᠬᠤ ᠪᠠᠷ ᠢᠶᠠᠨ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ