︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 4 ᠳ᠋ᠦ᠋ᠭᠡᠷ ᠰᠠᠷ᠎ᠠ ᠶᠢᠨ | 29 ᠤ ᠡᠳᠦᠷ ᠤᠨ ᠲᠡᠭ ᠴᠠᠭ ᠠᠴᠠ ᠡᠬᠢᠯᠡᠨ᠂ ᠮᠠᠨ ᠤ ᠬᠤᠲᠠ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠰᠦᠢᠳᠬᠡᠯ︶ ᠤᠨ | ᠦᠨ᠎ᠡ ᠳᠤ ᠲᠣᠬᠢᠷᠠᠭᠤᠯᠤᠯᠲᠠ ᠬᠢᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠠᠢ᠃ ᠡᠩ ᠤᠨ ᠳ᠋ᠤᠭᠠᠷᠯᠠᠬᠤ | ᠵᠠᠷᠤᠳᠠᠯ᠂ ᠳᠡᠳ᠋ ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ᠂ ᠡᠷᠬᠢᠯᠡᠭᠴᠢ ᠡᠮᠴᠢ ᠶᠢᠨ ᠳ᠋ᠤᠭᠠᠷᠯᠠᠬᠤ ᠵᠠᠷᠤᠳᠠᠯ ᠢ ᠲᠣᠰ ᠲᠣᠰ 15 ᠲᠥᠭᠦᠷᠢᠭ / ᠤᠳᠠᠭ᠎ᠠ᠂ | 20 ᠲᠥᠭᠦᠷᠢᠭ / ᠤᠳᠠᠭ᠎ᠠ᠂ 30 ᠲᠥᠭᠦᠷᠢᠭ / ᠤᠳᠠᠭ᠎ᠠ ᠪᠣᠯᠭᠠᠨ ᠲᠣᠬᠢᠷᠠᠭᠤᠯᠪᠠ︔ ᠡᠭᠦᠳᠡᠨ ᠡᠮᠨᠡᠯᠭᠡ ᠶᠢᠨ ᠳ᠋ᠤᠭᠠᠷᠯᠠᠬᠤ ᠵᠠᠷᠤᠳᠠᠯ ᠳᠤ ᠲᠦᠷᠭᠡᠨ | ᠡᠮᠨᠡᠯᠭᠡ ᠶᠢᠨ ᠳ᠋ᠤᠭᠠᠷᠯᠠᠬᠤ ᠵᠠᠷᠤᠳᠠᠯ ᠢ ᠪᠠᠭᠲᠠᠭᠠᠵᠤ ᠡᠮᠴᠢᠯᠡᠭᠡᠨ ᠤ ᠪᠠᠲᠤᠯᠠᠭ᠎ᠠ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠡᠬᠢᠯᠡᠵᠦ ᠲᠥᠯᠥᠬᠦ | ᠱᠤᠭᠤᠮ ᠭᠠᠷᠭᠠᠬᠤ ᠦᠭᠡᠢ᠂ 80% ᠶᠢᠨ ᠬᠠᠷᠢᠴᠠᠯ ᠢᠶᠠᠷ ᠲᠥᠯᠥᠨ᠎ᠡ︔ ᠡᠭᠦᠳᠡᠨ ᠡᠮᠨᠡᠯᠭᠡ ᠶᠢᠨ ᠳ᠋ᠤᠭᠠᠷᠯᠠᠬᠤ ᠰᠦᠢᠳᠬᠡᠯ ᠳᠤ ᠲᠦᠷᠭᠡᠨ ᠡᠮᠨᠡᠯᠭᠡ ᠶᠢᠨ | ᠳ᠋ᠤᠭᠠᠷᠯᠠᠬᠤ ᠰᠦᠢᠳᠬᠡᠯ ᠢ ᠪᠠᠭᠲᠠᠭᠠᠵᠤ ᠣᠳᠣᠬᠠᠨ ᠳᠤ ᠵᠥᠪᠬᠡᠨ ᠬᠥᠮᠥᠨ ᠤ ᠬᠦᠴᠦᠨ ᠤ ᠴᠣᠩᠬᠤᠨ ᠳᠤ ᠳ᠋ᠤᠭᠠᠷᠯᠠᠬᠤ ᠦᠶ᠎ᠡ ᠳᠤ ᠵᠡᠷᠭᠡ ᠪᠠᠷ ᠲᠠᠩᠰᠠ | ᠳᠡᠶᠢᠯᠵᠦ ᠪᠣᠯᠣᠨ᠎ᠠ᠂ ᠳ᠋ᠤᠭᠠᠷᠯᠠᠭᠰᠠᠨ ᠤ ᠳᠠᠷᠠᠭ᠎ᠠ ᠨᠥᠬᠦᠵᠦ ᠲᠠᠶᠢᠯᠬᠤ ᠦᠭᠡᠢ︔ ᠡᠭᠦᠳᠡᠨ ᠡᠮᠨᠡᠯᠭᠡ ᠶᠢᠨ ᠳ᠋ᠤᠭᠠᠷᠯᠠᠭᠰᠠᠨ ᠵᠠᠷᠤᠳᠠᠯ ᠤᠨ ᠲᠠᠩᠰᠠ ᠲᠠᠶᠢᠯᠬᠤ | ᠦᠶ᠎ᠡ ᠳᠤ᠂ ᠡᠪᠡᠳᠴᠢᠲᠡᠨ ᠪᠡᠶ᠎ᠡ ᠶᠢᠨ ᠦᠨᠡᠮᠯᠡᠯ / ᠡᠮᠴᠢᠯᠡᠭᠡᠨ ᠤ ᠳᠠᠭᠠᠳᠬᠠᠯ ᠤᠨ ᠺᠠᠷᠲ / ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠪᠠᠨ ᠬᠠᠩᠭᠠᠬᠤ ᠬᠡᠷᠡᠭᠲᠡᠢ᠂ ᠬᠡᠷᠪᠡ ᠡᠪᠡᠳᠴᠢᠲᠡᠨ ᠳᠡᠭᠡᠷᠡᠬᠢ ᠭᠡᠷᠡᠴᠢ ᠪᠠᠷᠢᠮᠲᠠ ᠶᠢ ᠬᠠᠩᠭᠠᠵᠤ ᠳᠡᠶᠢᠯᠬᠦ ᠦᠭᠡᠢ ᠪᠣᠯ ᠡᠮᠴᠢᠯᠡᠭᠡᠨ ᠤ ᠳᠠᠭᠠᠳᠬᠠᠯ ᠠᠴᠠ | ᠲᠠᠩᠰᠠ ᠲᠠᠶᠢᠯᠬᠤ ᠶᠢᠨ ᠠᠷᠭ᠎ᠠ ᠦᠭᠡᠢ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠵᠠᠷᠤᠳᠠᠯ︶ ᠤᠨ ᠲᠠᠩᠰᠠ | ᠲᠠᠶᠢᠯᠬᠤ ᠳᠤ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ᠂ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠴᠢᠭᠯᠡᠭᠦᠯᠵᠦ᠂ ᠬᠤᠪᠢ ᠶᠢᠨ ᠵᠠᠷᠤᠳᠠᠯ ᠪᠠ ᠪᠤᠰᠤᠳ ᠮᠤᠵᠢ ᠬᠤᠲᠠ ᠶᠢᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠡᠪᠡᠳᠴᠢᠲᠡᠨ ᠲᠣᠰ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠢ᠃ ᠣᠳᠣᠬᠠᠨ ᠳᠤ ᠮᠠᠨ ᠤ ᠬᠤᠲᠠ ᠶᠢᠨ ᠢᠨᠲ᠋ᠧᠷ | ᠰᠦᠯᠵᠢᠶᠡᠨ ᠤ ᠰᠢᠰᠲ᠋ᠧᠮ ︵ᠸᠢᠴᠠᠲ᠂ ᠲᠣᠭᠠᠴᠠᠭ᠎ᠠ ᠡᠷᠳᠡᠨᠢ᠂ App᠂ ᠥᠪᠡᠰᠦᠪᠡᠨ ᠦᠢᠯᠡᠴᠢᠯᠡᠬᠦ ᠮᠠᠰᠢᠨ︶ ᠤᠨ ᠳ᠋ᠤᠭᠠᠷᠯᠠᠬᠤ ᠳᠤ ᠤᠤᠯ ᠤᠨ ᠦᠨ᠎ᠡ ᠶᠢ | ᠲᠦᠷ ᠬᠡᠷᠡᠭᠵᠢᠭᠦᠯᠵᠦ ᠪᠠᠶᠢᠨ᠎ᠠ᠂ ᠰᠦᠯᠵᠢᠶᠡᠨ ᠳᠡᠭᠡᠷ᠎ᠡ ᠳ᠋ᠤᠭᠠᠷᠯᠠᠬᠤ ᠶᠢ ᠰᠣᠩᠭᠤᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠡᠪᠡᠳᠴᠢᠨ ᠪᠠᠶᠢᠴᠠᠭᠠᠬᠤ | ᠵᠠᠷᠤᠳᠠᠯ ︵ᠳ᠋ᠤᠭᠠᠷᠯᠠᠬᠤ ᠰᠦᠢᠳᠬᠡᠯ︶ ᠤᠨ ᠲᠠᠩᠰᠠ ᠶᠢ ᠲᠠᠶᠢᠯᠬᠤ ᠦᠭᠡᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |