ᠶᠢᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠶᠢᠨ ᠲᠦᠷᠦᠭᠦᠸ ᠪᠦᠯᠦᠭ ᠤᠨ ᠰᠠᠭᠠᠨᠢᠨ ᠰᠠᠭᠠᠯᠢ ᠶᠢᠨ ᠢᠮᠠᠭ᠎ᠠ ᠬᠤᠲᠠᠨ ᠳᠠᠭᠠᠨ ᠤᠷᠤᠭᠰᠢᠲᠠᠢ ᠣᠷᠣᠪᠠ
ᠨᠡᠶᠢᠲᠡᠯᠡᠭᠰᠡᠨ ᠴᠠᠭ᠄
2023/5/5
      ︵ᠰᠤᠷᠪᠤᠯᠵᠢᠯᠠᠭᠴᠢ ᠯᠢᠶᠠᠩ ᠵᠢᠩ ᠱᠤ᠋ ᠴᠢᠮᠡᠭᠡᠯᠡᠭᠴᠢ ᠯᠢ ᠵᠢᠩ ᠪᠥᠸᠧ︶ ᠴᠢᠩ ᠱᠦᠢ ᠾᠧ ᠰᠢᠶᠠᠨ ᠠᠴᠠ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠶᠢᠨ 1 ᠤ ᠡᠳᠦᠷ᠂ ᠪᠦᠬᠦ ᠤᠯᠤᠰ ᠤᠨ ᠬᠠᠮᠤᠭ ᠤᠨ ᠲᠣᠮᠣ ᠳᠠᠩ ᠪᠡᠶᠡᠲᠦ ᠰᠠᠭᠠᠯᠢ ᠶᠢᠨ ᠢᠮᠠᠭᠠᠨ ᠤ ᠲᠠᠯᠠᠪᠠᠢ ︱ ᠶᠢᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠲᠠᠯᠠᠪᠠᠢ ᠶᠢᠨ ᠲᠦᠷᠦᠭᠦᠦ ᠪᠦᠯᠦᠭ ᠤᠨ ᠴᠡᠪᠡᠷ ᠡᠭᠦᠯᠳᠡᠷ ᠤᠨ ᠰᠠᠭᠠᠨᠢᠨ ᠰᠠᠭᠠᠯᠢ ᠶᠢᠨ ᠢᠮᠠᠭ᠎ᠠ ᠬᠤᠲᠠᠨ ᠳᠠᠭᠠᠨ ᠤᠷᠤᠭᠰᠢᠲᠠᠢ ᠣᠷᠣᠪᠠ᠃      ᠣᠶᠢᠯᠠᠭᠠᠭᠰᠠᠨ ᠢᠶᠠᠷ᠂ ᠶᠢᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠰᠢᠨ᠎ᠡ ᠽᠧᠯᠡᠨᠳ᠋ ᠪᠣᠯᠣᠨ ᠠᠦ᠋ᠰᠲᠷᠠᠯᠢᠶ᠎ᠠ ᠠᠴᠠ 8500 ᠰᠠᠭᠠᠨᠢᠨ ᠰᠠᠭᠠᠯᠢ ᠶᠢᠨ ᠢᠮᠠᠭ᠎ᠠ ᠣᠷᠣᠭᠤᠯᠵᠤ᠂ 3 ᠳ᠋ᠤᠭᠠᠷ ᠰᠠᠷ᠎ᠠ ᠳᠤ ᠲᠡᠯᠡᠶ ᠭᠡᠲᠦᠯᠦᠨ ᠭᠠᠷᠠᠮ ᠳᠤ ᠬᠦᠷᠴᠦ ᠲᠤᠰᠠᠭᠠᠷᠯᠠᠪᠠ᠂ ᠬᠤᠶᠠᠷ ᠰᠠᠷ᠎ᠠ ᠲᠤᠰᠠᠭᠠᠷᠯᠠᠵᠤ ᠬᠢᠵᠢᠭ ᠤᠨ ᠪᠠᠶᠢᠴᠠᠭᠠᠯᠲᠠ ᠬᠢᠬᠦ ᠪᠠᠷ ᠳᠡᠮᠵᠢᠨ᠂ ᠣᠯᠠᠨ ᠲᠠᠯ᠎ᠠ ᠶᠢᠨ ᠬᠢᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠲᠣᠰ ᠰᠠᠷ᠎ᠠ ᠳᠤ ᠵᠠᠯᠭᠠᠭ᠎ᠠ ᠪᠠᠷ ᠴᠢᠩ ᠱᠦᠢ ᠾᠧ ᠰᠢᠶᠠᠨ ᠳᠤ ᠢᠷᠡᠬᠦ ᠪᠣᠯᠣᠨ᠎ᠠ᠃      ᠣᠶᠢᠷ᠎ᠠ ᠶᠢᠨ ᠵᠢᠯ ᠤᠳ ᠲᠤ᠂ ᠢᠮᠠᠭᠠᠨ ᠰᠦ ᠶᠢᠨ ᠬᠡᠷᠡᠭᠯᠡᠭᠡᠨ ᠤ ᠬᠠᠯᠠᠮᠰᠢᠯ ᠦᠷᠭᠦᠯᠵᠢᠯᠡᠨ ᠳᠡᠭᠡᠭᠰᠢᠯᠡᠵᠦ᠂ ᠢᠮᠠᠭᠠᠨ ᠰᠦᠨ ᠲᠠᠯᠬ᠎ᠠ ᠨᠢ ᠭᠠᠳᠠᠭᠠᠳᠤ ᠠᠴᠠ ᠣᠷᠣᠭᠤᠯᠤᠭᠰᠠᠨ ᠰᠦᠨ ᠲᠠᠯᠬ᠎ᠠ ᠶᠢ ᠣᠷᠣᠯᠠᠬᠤ ᠰᠢᠨ᠎ᠡ ᠲᠥᠷᠥᠯ ᠵᠦᠢᠯ ᠪᠣᠯᠤᠭᠰᠠᠨ ᠪᠠᠶᠢᠨ᠎ᠠ᠃ ᠶᠢᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠨᠢ ᠣᠳᠣᠬᠠᠨ ᠤ ᠪᠥᠬᠦ ᠤᠯᠤᠰ ᠤᠨ ᠬᠠᠮᠤᠭ ᠤᠨ ᠲᠣᠮᠣ ᠲᠠᠩ ᠪᠡᠶᠡᠲᠦ ᠰᠠᠭᠠᠯᠢ ᠶᠢᠨ ᠢᠮᠠᠭᠠᠨ ᠤ ᠲᠠᠯᠠᠪᠠᠶ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠠᠮᠤᠭ ᠤᠨ ᠲᠡᠷᠢᠭᠦᠨ ᠤ ᠣᠶᠤᠨᠴᠢᠯᠠᠭᠰᠠᠨ ᠲᠥᠬᠦᠭᠡᠷᠦᠮᠵᠢ ᠶᠢ ᠬᠡᠷᠡᠭᠯᠡᠬᠦ ᠶᠢᠨ ᠬᠠᠮᠲᠤ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠢ ᠬᠡᠷᠡᠭᠯᠡᠨ᠂ ᠢᠮᠠᠭᠠᠨ ᠤ ᠬᠤᠲᠠ ᠬᠦᠷᠢᠶ᠎ᠡ ᠶᠢᠨ ᠣᠷᠴᠢᠨ ᠲᠣᠭᠤᠷᠢᠨ ᠤ ᠠᠦ᠋ᠲ᠋ᠣ᠋ ᠡᠵᠡᠮᠰᠢᠯ ᠢ ᠪᠡᠶᠡᠯᠡᠭᠦᠯᠵᠦ᠂ ᠢᠮᠠᠭᠠᠨ ᠰᠦᠷᠦᠭ ᠢ ᠠᠷᠠᠴᠢᠯᠠᠨ ᠲᠡᠵᠢᠭᠡᠬᠦ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠡᠢ᠃ ᠲᠥᠷᠥᠯ ᠵᠦᠢᠯ ᠤᠨ ᠲᠥᠯᠥᠪᠵᠢᠭᠦᠯᠭᠡ ᠪᠠᠷ 5 ᠲᠦᠮᠡᠨ ᠢᠮᠠᠭ᠎ᠠ ᠲᠡᠵᠢᠭᠡᠵᠦ᠂ ᠶᠡᠷᠦᠩᠬᠡᠢ ᠪᠡᠯᠡ ᠣᠷᠤᠭᠤᠯᠤᠯᠲᠠ ᠨᠢ 5.4 ᠳ᠋ᠦᠩᠰᠢᠭᠤᠷ ᠲᠥᠭᠦᠷᠢᠭ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ ᠪᠠᠷᠤᠭ 1155 ᠮᠦ ᠪᠠᠶᠢᠵᠤ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠡᠳᠦᠷ ᠲᠤ ᠪᠠᠷᠤᠭ 63 ᠲᠣᠨ ᠰᠦ ᠰᠠᠭᠠᠵᠤ᠂ ᠳᠡᠭᠡᠳᠦ ᠤᠷᠤᠰᠬᠠᠯ ᠠᠴᠠ ᠴᠢᠨᠠᠷ ᠰᠠᠶᠢᠲᠠᠢ ᠲᠦᠭᠦᠬᠡᠢ ᠰᠦ ᠶᠢᠨ ᠬᠠᠩᠭᠠᠯᠭ᠎ᠠ ᠶᠢ ᠪᠠᠲᠤᠯᠠᠬᠤ ᠪᠣᠯᠣᠨ᠎ᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ