ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 15.3 ᠲᠦᠮᠡᠨ ᠬᠥᠮᠥᠨ ᠤᠳᠠᠭ᠎ᠠ ᠬᠦᠷᠪᠡ
ᠨᠡᠶᠢᠲᠡᠯᠡᠭᠰᠡᠨ ᠴᠠᠭ᠄
2023/5/5
      ︵ᠰᠤᠷᠪᠤᠯᠵᠢᠯᠠᠭᠴᠢ ᠶᠦᠨ ᠶᠠᠨ ᠹᠠᠩ︶ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠨᠡᠶᠢᠳᠡ 1445 ᠨᠢᠰᠬᠡᠯ ᠨᠢᠰᠴᠦ ᠪᠠᠭᠤᠵᠤ᠂ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 15.3 ᠲᠦᠮᠡᠨ ᠬᠥᠮᠥᠨ ᠤᠳᠠᠭ᠎ᠠ ᠬᠦᠷᠴᠦ᠂ ᠪᠠᠷᠠᠭ᠎ᠠ ᠰᠢᠤᠳᠠᠨ ᠢ ᠣᠷᠣᠭᠤᠯᠵᠤ ᠭᠠᠷᠭᠠᠭᠰᠠᠨ ᠬᠡᠮᠵᠢᠶ᠎ᠡ 404.8 ᠲᠣᠨ ᠳᠤ ᠬᠦᠷᠴᠦ᠂ ᠡᠳᠦᠷ ᠪᠦᠷᠢ ᠳᠤᠮᠳᠠᠴᠢ ᠪᠠᠷ 289 ᠤᠳᠠᠭ᠎ᠠ᠂ 3.1 ᠲᠦᠮᠡᠨ ᠬᠥᠮᠥᠨ ᠤᠳᠠᠭ᠎ᠠ᠂ 81.0 ᠲᠣᠨ ᠬᠦᠷᠴᠦ᠂ ᠡᠭᠦᠨ ᠳᠤ᠂ ᠪᠠᠷᠠᠭ᠎ᠠ ᠰᠢᠤᠳᠠᠨ ᠢ ᠣᠷᠣᠭᠤᠯᠵᠤ ᠭᠠᠷᠭᠠᠭᠰᠠᠨ ᠬᠡᠮᠵᠢᠶ᠎ᠡ  2019 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠤ 107.1% ᠬᠦᠷᠴᠡᠢ᠃ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠣᠷᠣᠵᠤ ᠭᠠᠷᠬᠤ ᠳᠤ ᠰᠠᠭᠤᠳᠠᠯ ᠡᠵᠡᠯᠡᠭᠰᠡᠨ ᠳᠤᠮᠳᠠᠴᠢ ᠨᠣᠷᠮ᠎ᠠ 75.5% ᠬᠥᠷᠪᠡ᠃      ︽5·1︾ ᠤ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠤᠷᠤᠰᠬᠠᠯ ᠤᠨ ᠤᠷᠬᠢᠯ 4 ᠳ᠋ᠦ᠋ᠭᠡᠷ ᠰᠠᠷ᠎ᠠ ᠶᠢᠨ 29 ᠤ ᠡᠳᠦᠷ ᠪᠠ 5 ᠳ᠋ᠤᠭᠠᠷ ᠰᠠᠷ᠎ᠠ ᠶᠢᠨ 3  ᠤ ᠡᠳᠦᠷ ᠲᠥᠪᠯᠡᠷᠡᠵᠦ᠂ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠲᠤᠰ ᠲᠤᠰ 3.5 ᠲᠦᠮᠡᠨ ᠬᠥᠮᠥᠨ ᠤᠳᠠᠭ᠎ᠠ ᠪᠠ 3.3 ᠲᠦᠮᠡᠨ ᠬᠥᠮᠥᠨ ᠤᠳᠠᠭ᠎ᠠ ᠬᠦᠷᠴᠡᠢ᠃ ᠡᠭᠦᠨ ᠤ ᠬᠠᠮᠲᠤ᠂ ᠶᠡᠭᠡ ᠬᠡᠮᠵᠢᠶᠡᠨ ᠤ ᠠᠶᠠᠨᠴᠢᠳ ᠤᠷᠢᠳᠴᠢᠯᠠᠨ ᠭᠠᠳᠠᠭᠰᠢ ᠭᠠᠷᠬᠤ ᠶᠢ ᠰᠣᠩᠭᠤᠭᠰᠠᠨ ᠪᠣᠯᠬᠤᠷ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ 4 ᠳ᠋ᠦ᠋ᠭᠡᠷ ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯᠠᠬᠢ ᠡᠳᠦᠷ ᠳᠤᠮᠳᠠᠴᠢ ᠶᠢᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠨᠢᠭᠡᠨᠲᠡ 3.5 ᠲᠦᠮᠡᠨ ᠬᠥᠮᠥᠨ ᠤᠳᠠᠭ᠎ᠠ ᠬᠦᠷᠴᠡᠢ᠂ ᠡᠭᠦᠨ ᠳᠤ᠂ 4 ᠳ᠋ᠦ᠋ᠭᠡᠷ ᠰᠠᠷ᠎ᠠ ᠶᠢᠨ 28 ᠤ ᠡᠳᠦᠷ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 3.8 ᠲᠦᠮᠡᠨ ᠬᠥᠮᠥᠨ ᠤᠳᠠᠭ᠎ᠠ ᠬᠦᠷᠴᠦ᠂ 2019 ᠣᠨ ᠤ ᠠᠳᠠᠯᠢ ᠬᠤᠭᠤᠴᠠᠭᠠᠨ ᠤ 100.2% ᠬᠦᠷᠴᠡᠢ᠃      ︽5.1︾ ᠤ ᠠᠮᠠᠷᠠᠯᠲᠠ ᠶᠢᠨ ᠬᠤᠭᠤᠴᠠᠭᠠᠨ ᠳᠤ᠂ ᠠᠶᠠᠨᠴᠢᠳ ᠤᠨ ᠵᠣᠷᠢᠭᠰᠠᠨ ᠭᠠᠵᠠᠷ ᠨᠢ ᠭᠤᠣᠯᠳᠠᠭᠤ ᠣᠷᠣᠨ ᠤ ᠳᠣᠲᠣᠷᠠᠬᠢ ᠤᠯᠠᠭᠠᠨᠬᠠᠳᠠ᠂ ᠬᠥᠯᠥᠨ ᠪᠤᠶᠢᠷ᠂ ᠲᠦᠩᠯᠢᠶᠣᠣ᠂ ᠰᠢᠯᠢᠩᠬᠤᠲᠠ ᠵᠡᠷᠭᠡ ᠬᠤᠲᠠ ᠵᠢᠴᠢ ᠣᠷᠣᠨ ᠤ ᠭᠠᠳᠠᠨᠠᠬᠢ ᠨᠠᠨᠵᠢᠩ᠂ ᠭᠤᠸᠠᠩᠵᠧᠦ᠂ ᠵᠧᠩᠵᠧᠦ᠂ ᠰᠢ ᠠᠨ ᠵᠡᠷᠭᠡ ᠭᠠᠵᠠᠷ ᠤᠳ ᠢᠶᠠᠷ ᠲᠥᠪᠯᠡᠷᠡᠵᠡᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ