ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ | ᠴᠢᠰᠤᠨ ᠤ ᠲᠥᠪ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠡᠭᠰᠠᠳ ︽ᠬᠤᠶᠠᠷ ᠢ ᠬᠡᠯᠲᠦᠷᠢᠭᠦᠯᠬᠦ︾ | ᠺᠠᠷᠲ ᠭᠤᠶᠤᠴᠢᠯᠠᠨ ᠠᠪᠴᠤ ᠪᠣᠯᠣᠨ᠎ᠠ᠃ | ᠲᠠᠨᠢᠯᠴᠠᠭᠤᠯᠤᠭᠰᠠᠨ ᠢᠶᠠᠷ ︽᠂ ᠬᠤᠶᠠᠷ ᠢ ᠬᠡᠯᠲᠦᠷᠢᠭᠦᠯᠬᠦ︾ ᠺᠠᠷᠲ ᠢ ᠭᠤᠶᠤᠴᠢᠯᠠᠨ ᠠᠪᠬᠤ ᠬᠥᠬᠡᠬᠤᠲᠠ ᠶᠢᠨ ᠰᠠᠭᠤᠭᠠᠯᠢ ᠠᠷᠠᠳ ᠤᠯᠤᠰ ᠤᠨ ᠦᠨ᠎ᠡ | ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠢ ᠭᠥᠷᠳᠡᠭᠰᠡᠨ ᠪᠠᠶᠢᠬᠤ ᠭᠡᠷᠡᠭᠳᠠᠢ᠂ ᠳᠠᠷᠤᠢ 2021 ᠣᠨ ᠤ ᠰᠡᠬᠦᠯᠴᠢ | ᠪᠣᠯᠲᠠᠯ᠎ᠠ ᠨᠡᠶᠢᠲᠡ 4000 ᠮᠢᠯᠢᠯᠢᠲᠷ ᠠᠴᠠ ᠳᠡᠭᠡᠭᠰᠢ ᠴᠢᠰᠤ ᠬᠠᠨᠳᠢᠪᠯᠠᠭᠰᠠᠨ ᠪᠠᠶᠢᠪᠠᠯ ᠪᠣᠯᠴᠢᠬᠠᠨ᠎ᠠ᠃ ᠲᠤᠰ ᠤᠳᠠᠭᠠᠨ ᠤ ᠭᠤᠶᠤᠴᠢᠯᠠᠵᠦ ᠪᠠᠶᠢᠭ᠎ᠠ ︽ | ᠬᠤᠶᠠᠷ ᠢ ᠬᠡᠯᠲᠦᠷᠢᠭᠦᠯᠬᠦ︾ ᠺᠠᠷᠲ ᠪᠤᠯ ᠴᠢᠰᠤᠨ ᠤ ᠲᠥᠪ ᠠᠴᠠ ᠪᠠᠭᠤᠯᠭᠠᠭᠰᠠᠨ ᠲᠦᠷᠦᠭᠦᠦ ᠪᠦᠯᠦᠭ ᠺᠠᠷᠲ ᠪᠣᠯᠣᠨ᠎ᠠ᠂ ᠤᠯᠤᠰ ᠠᠴᠠ ᠬᠤᠶᠠᠷ ᠵᠢᠯ | ᠪᠦᠷᠢ ᠳᠤ ᠨᠢᠭᠡ ᠤᠳᠠᠭ᠎ᠠ ᠪᠦᠷᠢᠳᠭᠡᠵᠦ᠂ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠬᠦᠷᠳᠡᠭᠰᠡᠨ | ᠬᠦᠮᠦᠰ ᠢ ᠰᠢᠯᠭᠠᠷᠠᠭᠤᠯᠤᠨ᠎ᠠ᠂ ᠴᠢᠰᠤᠨ ᠤ ᠲᠥᠪ ᠠᠴᠠ ᠱᠠᠩᠨᠠᠯ ᠬᠦᠷᠳᠡᠭᠰᠡᠨ ᠨᠡᠷᠡᠰ ᠢ ᠦᠨᠳᠦᠰᠦᠯᠡᠨ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ︽ | ᠬᠤᠶᠠᠷ ᠢ ᠬᠡᠯᠲᠦᠷᠢᠭᠦᠯᠬᠦ︾ ᠺᠠᠷᠲ ᠢ ᠦᠷᠬᠦᠯᠵᠢᠯᠡᠨ ᠣᠯᠭᠤᠬᠤ ᠪᠣᠯᠣᠨ᠎ᠠ᠃ ᠤᠯᠤᠰ ᠤᠨ ᠦᠨ᠎ᠡ ᠲᠥᠯᠥᠪᠦᠷᠢ ᠦᠭᠡᠢ ᠳᠤ ᠴᠢᠰᠤ ᠬᠠᠨᠳᠢᠪᠯᠠᠭᠰᠠᠨ ᠱᠠᠩᠨᠠᠯ᠂ | ᠦᠨ᠎ᠡ ᠲᠥᠯᠥᠪᠦᠷᠢ ᠦᠭᠡᠶ ᠪᠠᠷ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠠᠵᠤ ᠬᠤᠪᠢ ᠨᠡᠮᠡᠷᠢ ᠦᠵᠡᠬᠦᠯᠦᠭᠰᠡᠨ ᠱᠠᠩᠨᠠᠯ ᠣᠯᠣᠭᠰᠠᠨ ᠬᠤᠪᠢ ᠬᠥᠮᠦᠨ | ᠬᠠᠮᠢᠶ᠎ᠠ ᠪᠦᠬᠦᠢ ᠭᠡᠷᠡᠴᠢ ᠲᠡᠮᠳᠡᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠦᠲᠦᠭᠡᠨ | ᠪᠠᠶᠢᠭᠤᠯᠤᠭᠰᠠᠨ ᠦᠵᠡᠮᠵᠢ ᠶᠢᠨ ᠣᠷᠣᠨ ᠢᠶᠠᠷ ᠦᠨ᠎ᠡ ᠲᠥᠯᠥᠪᠦᠷᠢ ᠦᠭᠡᠶ ᠪᠠᠷ ᠲᠣᠭᠤᠷᠢᠨ ᠵᠢᠭᠤᠯᠴᠢᠯᠠᠵᠤ ᠪᠣᠯᠣᠨ᠎ᠠ︔ ᠬᠤᠲᠠ ᠶᠢᠨ ᠨᠡᠶᠢᠲᠡ ᠶᠢᠨ ᠵᠠᠮ | ᠬᠠᠷᠢᠯᠴᠠᠭᠠᠨ ᠤ ᠮᠠᠰᠢᠨ ᠲᠡᠷᠭᠡᠨ ᠳᠤ ᠦᠨ᠎ᠡ ᠲᠥᠯᠥᠪᠦᠷᠢ ᠦᠭᠡᠢ ᠪᠠᠷ ᠰᠠᠭᠤᠵᠦ ᠪᠣᠯᠣᠨ᠎ᠠ᠃ ︽ᠬᠤᠶᠠᠷ ᠢ ᠬᠡᠯᠲᠦᠷᠢᠭᠦᠯᠬᠦ︾ ᠺᠠᠷᠲ ᠢ ᠥᠪᠡᠷᠲᠡᠭᠡᠨ ᠵᠠᠰᠠᠬᠤ | ᠣᠷᠣᠨ ᠤ ᠴᠢᠰᠤᠨ ᠤ ᠲᠥᠪ ᠠᠴᠠ ᠭᠤᠶᠤᠴᠢᠯᠠᠨ ᠠᠪᠤᠨ᠎ᠠ᠃ |