ᠮᠠᠨ ᠤ ᠬᠤᠲᠠ ᠶᠢᠨ 2023 ᠣᠨ ᠤ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠤᠭᠰᠠᠨ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠯᠲᠠ ᠳᠠᠭᠤᠰᠪᠠ
ᠨᠡᠶᠢᠲᠡᠯᠡᠭᠰᠡᠨ ᠴᠠᠭ᠄
2023/5/6
      ︵ᠰᠤᠷᠪᠤᠯᠵᠢᠯᠠᠭᠴᠢ ᠶᠦᠨ ᠶᠠᠨ ᠹᠠᠩ︶ ᠮᠠᠨ ᠤ ᠬᠤᠲᠠ ᠶᠢᠨ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠷᠡᠭᠴᠡᠭᠡ᠂ ᠪᠦᠲᠦᠴᠡ ᠪᠠ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠢ ᠳᠤᠨᠢ ᠣᠶᠢᠯᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ ᠵᠢᠴᠢ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠦᠨ᠎ᠡ ᠬᠠᠩᠰᠢ ᠶᠢᠨ ᠭᠡᠷᠡᠴᠢᠯᠡᠯ ᠬᠢᠨᠠᠨ ᠬᠡᠮᠵᠢᠬᠦ ᠲᠥᠪ ᠤᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯᠲᠠᠨ ᠤ ᠬᠢᠭᠰᠡᠨ 2023 ᠣᠨ ᠤ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠯᠲᠠ ᠳᠠᠭᠤᠰᠪᠠ᠃      ᠲᠣᠰ ᠤᠳᠠᠭ᠎ᠠ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠦᠸᠠᠨ ᠰᠢᠶᠠᠨ ᠤ 45 ᠲᠣᠭᠲᠠᠭᠰᠠᠨ ᠪᠠᠶᠢᠴᠠᠭᠠᠯᠲᠠ ᠶᠢᠨ ᠡᠷᠦᠬᠡ ᠶᠢ ᠪᠠᠶᠢᠴᠠᠭᠠᠵᠤ᠂ ᠡᠷᠦᠬᠡ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠶ 43.62 ᠮᠦ᠂ ᠲᠠᠷᠢᠬᠤ ᠲᠠᠯᠠᠪᠠᠶ 43.62 ᠮᠦ ᠪᠠᠶᠢᠵᠤ᠂ ᠡᠷᠦᠬᠡ ᠪᠦᠷᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠤᠭᠰᠠᠨ ᠳᠤᠮᠳᠠᠴᠢ ᠲᠤᠭ᠎ᠠ 12.49% ᠪᠠᠷ ᠨᠡᠮᠡᠭᠳᠡᠵᠦ᠂ ᠬᠤᠳᠠᠯᠳᠤᠨ ᠠᠪᠤᠭᠰᠠᠨ ᠵᠠᠷᠤᠯᠭ᠎ᠠ 15.74% ᠪᠠᠷ ᠨᠡᠮᠡᠭᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠡᠭᠦᠨ ᠳᠤ ᠬᠢᠮᠢ ᠶᠢᠨ ᠪᠣᠷᠳᠣᠭᠤᠷ᠂ ᠲᠠᠷᠢᠶᠠᠨ ᠤ ᠡᠮ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠪᠠ ᠲᠠᠷᠢᠶᠠᠯᠠᠩ ᠳᠤ ᠬᠡᠷᠡᠭᠯᠡᠬᠦ ᠮᠠᠰᠢᠨ ᠤ ᠲᠤᠰᠤᠨ ᠤ ᠦᠨ᠎ᠡ ᠪᠠᠭ᠎ᠠ ᠪᠠᠭᠤᠷᠠᠵᠤ᠂ ᠦᠷ᠎ᠡ ᠶᠢᠨ ᠦᠨ᠎ᠡ ᠪᠠᠭ᠎ᠠ ᠥᠰᠦᠭᠰᠡᠨ ᠪᠠᠶᠢᠨ᠎ᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ