ᠪᠦᠬᠦ ᠬᠤᠳᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/8
ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 6 ᠤ ᠡᠳᠦᠷ᠂ ᠪᠦᠬᠦ ᠬᠤᠳᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠵᠢᠶᠦ᠋ᠨ ᠬᠤᠷᠠᠯ ᠢ ᠡᠷᠬᠢᠯᠡᠵᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠪᠥᠬᠦ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠢ ᠮᠡᠳᠡᠭᠳᠡᠪᠡ︔ ᠰᠠᠶᠢᠬᠠᠨ ᠲᠣᠭᠤᠷᠢᠭ᠂ ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠪᠣᠷ ᠢᠶᠠᠨ ᠢᠯᠡᠳᠬᠡᠬᠦ ᠦᠭᠡ ᠬᠡᠯᠡᠪᠡ᠃      ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠵᠠᠪᠠᠯ ᠪᠠᠶᠢᠭᠤᠯᠤᠨ ᠪᠦᠲᠦᠬᠦ︾ ᠢᠲᠡᠭᠡᠯ ᠵᠣᠷᠢᠭ ᠭᠠᠷᠭᠠᠵᠤ᠂ ᠤᠯᠤᠰ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠠᠭᠠᠷᠳᠠᠯᠭ᠎ᠠ ᠪᠠ ᠪᠥᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠡᠭᠦᠳᠦᠨ ᠪᠠᠶᠢᠭᠤᠯᠬᠤ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠥᠷᠨᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠢᠭᠡ ᠯᠠ ᠠᠮᠢᠰᠬᠤᠭ᠎ᠠ ᠪᠠᠷ ᠠᠮᠵᠢᠯᠲᠠ ᠲᠠᠢ ᠡᠭᠦᠳᠦᠨ ᠪᠠᠶᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠱᠠᠭᠠᠷᠳᠠᠭᠰᠠᠨ ᠨᠢ᠂ ︽ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠶᠢ ᠠᠳᠬᠤᠵᠤ᠂ ᠬᠠᠤᠯᠢ ᠶᠢ ᠰᠤᠷᠤᠯᠴᠠᠨ ᠬᠠᠤᠯᠢ ᠶᠢ ᠣᠶᠢᠯᠠᠭᠠᠵᠤ᠂ ᠳᠦᠷᠢᠮ ᠢ ᠲᠡᠭᠦᠯᠳᠡᠷᠵᠢᠭᠦᠯᠦᠨ᠂ ᠲᠠᠰ ᠳᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠬᠠᠤᠯᠢᠵᠢᠯ ᠤᠨ ᠣᠷᠴᠢᠨ ᠲᠣᠭᠤᠷᠢᠨ︾ ᠢ ᠠᠳᠬᠤᠵᠤ᠂ ᠬᠠᠤᠯᠢ ᠶᠣᠰᠣᠭᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ᠂ ᠬᠠᠤᠯᠢ ᠶᠣᠰᠣᠭᠠᠷ ᠬᠤᠳᠠᠯᠳᠤᠭ᠎ᠠ ᠶᠢ ᠳᠣᠲᠣᠨᠣᠴᠢᠯᠠᠨ ᠬᠤᠳᠠᠯᠳᠤᠭ᠎ᠠ ᠶᠢ ᠠᠮᠤᠷᠵᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ ᠪᠣᠯᠣᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︽ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ︾ ᠶᠢ ᠠᠳᠬᠤᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠬᠦᠷᠢᠶ᠎ᠡ ᠶᠢ ᠠᠩᠬᠠᠷᠴᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ︽ᠵᠥᠷᠢᠴᠡᠯ ᠢ ᠠᠷᠢᠯᠭᠠᠬᠤ︾ ᠶᠢ ᠠᠳᠬᠤᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠦᠷᠦᠯ ᠬᠤᠪᠢᠶᠠᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠢ᠃ ︽ᠡᠷᠬᠡ ᠳᠤ ᠬᠢᠨᠠᠯᠲᠠ ᠲᠠᠯᠪᠢᠬᠤ︾ ᠶᠢ ᠠᠳᠬᠤᠵᠤ᠂ ᠬᠢᠵᠠᠭᠠᠷᠯᠠᠬᠤ ᠶᠢ ᠴᠢᠬᠤᠯᠠᠴᠢᠯᠠᠨ᠂ ᠬᠢᠨᠠᠯᠲᠠ ᠲᠠᠯᠪᠢᠬᠤ ᠶᠢ ᠴᠢᠬᠤᠯᠠᠴᠢᠯᠠᠨ᠂ ᠢᠯᠡ ᠪᠣᠯᠭᠠᠬᠤ ᠶᠢ ᠴᠢᠬᠤᠯᠠᠴᠢᠯᠠᠨ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠴᠢᠩᠭ᠎ᠠ ᠬᠠᠷᠢᠴᠠᠭᠤᠯᠤᠨ᠂ ᠨᠠᠶᠢᠳᠠᠪᠤᠷᠢᠵᠢᠭᠤᠯᠬᠤ ᠲᠥᠰᠥᠯ ᠢ ᠱᠠᠯᠠᠪᠳᠠᠨ ᠲᠣᠭᠲᠠᠭᠠᠵᠤ᠂ ︽ᠵᠠᠪᠠᠯ ᠪᠠᠶᠢᠭᠤᠯᠤᠨ ᠪᠦᠲᠦᠭᠡᠬᠦ︾  ᠬᠡᠷᠡᠭᠲᠡᠢ ᠭᠡᠵᠡᠢ᠃      ᠮᠠᠨ ᠤ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠣᠷᠣᠯᠴᠠᠪᠠ᠃ ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ