︽5.1︾ ᠤ ᠠᠮᠠᠷᠠᠯᠲᠠ ᠶᠢᠨ ᠬᠤᠭᠤᠴᠠᠭᠠᠨ ᠳᠤ ᠰᠠᠶᠢᠬᠠᠨ ᠲᠣᠭᠤᠷᠢᠭ ᠵᠢᠭᠤᠯᠴᠢᠯᠠᠭᠴᠢᠳ ᠢ 35 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ ᠬᠡᠷᠡᠭᠯᠡᠭᠡ ᠶᠢ 2.3 ᠳ᠋ᠦᠩᠰᠢᠭᠤᠷ ᠲᠥᠭᠦᠷᠢᠭ ᠳᠠᠶᠢᠴᠢᠯᠠᠵᠠᠢ
ᠨᠡᠶᠢᠲᠡᠯᠡᠭᠰᠡᠨ ᠴᠠᠭ᠄
2023/5/9
      ︵ᠰᠤᠷᠪᠤᠯᠵᠢᠯᠠᠭᠴᠢ ᠶᠠᠩ ᠼᠠᠢ ᠰᠢᠶᠠ︶ ᠰᠠᠶᠢᠬᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽5.1︾  ᠤ ᠬᠤᠭᠤᠴᠠᠭᠠᠨ ᠳᠤ ᠰᠠᠶᠢᠬᠠᠨ ᠲᠣᠭᠤᠷᠢᠭ ᠤᠨ ᠡᠯ᠎ᠡ ᠵᠢᠭᠤᠯᠴᠢᠯᠠᠯ ᠤᠨ ᠦᠵᠡᠮᠵᠢ ᠶᠢᠨ ᠭᠠᠵᠠᠷ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ ᠬᠤᠭᠤᠯᠠᠨ ᠭᠡᠷ ᠵᠡᠷᠭᠡ ᠲᠠᠯᠠᠪᠤᠷ ᠵᠢᠭᠤᠯᠴᠢᠯᠠᠭᠴᠢᠳ ᠢ ᠨᠡᠶᠢᠳᠡ 35 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ ᠬᠡᠷᠡᠭᠯᠡᠭᠡ ᠶᠢ 2.3 ᠳ᠋ᠦᠩᠰᠢᠭᠤᠷ ᠲᠥᠭᠦᠷᠢᠭ ᠲᠠᠶᠢᠴᠢᠯᠠᠵᠠᠢ᠃      ᠡᠯ᠎ᠡ ᠵᠢᠭᠤᠯᠴᠢᠯᠠᠯ ᠤᠨ ᠦᠵᠡᠮᠵᠢ ᠶᠢᠨ ᠭᠠᠵᠠᠷ ᠠᠴᠠ ᠭᠠᠳᠠᠨ᠎ᠠ᠂ ᠡᠯ᠎ᠡ ᠲᠣᠮᠣ ᠬᠤᠳᠠᠯᠳᠤᠭᠠᠨ ᠤ ᠭᠠᠵᠠᠷ ᠤᠳ ᠴᠤ ᠬᠥᠮᠥᠨ ᠢᠶᠠᠷ ᠳᠦᠭᠦᠷᠴᠡᠢ᠃ ︽5.1︾ ᠤ ᠬᠤᠭᠤᠴᠠᠭᠠᠨ ᠳᠤ᠂ ᠰᠠᠶᠢᠬᠠᠨ ᠲᠣᠭᠤᠷᠢᠭ ᠤᠨ ᠸᠠᠨ ᠳ᠋ᠠ ᠲᠠᠯᠠᠪᠠᠢ᠂ ᠮᠣᠯ ᠬᠤᠳᠠᠯᠳᠤᠭ᠎ᠠ᠂ ᠸᠠᠨ ᠶᠤᠸᠠᠢ ᠴᠧᠩ ᠵᠡᠷᠭᠡ ᠵᠢᠷᠭᠤᠭᠠᠨ ᠶᠡᠭᠡ ᠬᠤᠳᠠᠯᠳᠤᠭᠠᠨ ᠤ ᠭᠠᠵᠠᠷ ᠡᠯ᠎ᠡ ᠲᠦᠷᠦᠯ ᠤᠨ ᠬᠡᠷᠡᠭᠯᠡᠭᠡ ᠶᠢ ᠬᠥᠭᠵᠢᠭᠡᠬᠦ ᠬᠠᠷᠠᠭᠠᠯᠵᠠᠯ ᠤᠨ ᠬᠥᠳᠡᠯᠭᠡᠭᠡᠨ ᠥᠷᠨᠢᠭᠦᠯᠵᠦ᠂ ᠲᠠᠸᠠᠷ ᠤᠨ ᠦᠨ᠎ᠡ ᠶᠢ ᠨᠤᠭᠤᠯᠤᠨ ᠬᠢᠮᠳᠠᠷᠠᠭᠤᠯᠵᠤ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠵᠣᠴᠢᠳ ᠤᠨ ᠤᠷᠤᠰᠬᠠᠯ ᠪᠣᠯᠣᠨ ᠪᠣᠷᠤᠯᠠᠭᠤᠯᠭ᠎ᠠ ᠶᠢ ᠵᠡᠷᠭᠡ ᠪᠠᠷ ᠲᠠᠶᠢᠴᠢᠯᠠᠵᠠᠢ᠃ ᠣᠶᠢᠯᠠᠭᠠᠭᠰᠠᠨ ᠢᠶᠠᠷ᠂ ︽5.1︾ ᠤ ᠬᠤᠭᠤᠴᠠᠭᠠᠨ ᠳᠤ᠂ ᠰᠠᠶᠢᠬᠠᠨ ᠲᠣᠭᠤᠷᠢᠭ ᠤᠨ ᠵᠢᠷᠭᠤᠭᠠᠨ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ ᠨᠡᠶᠢᠲᠡ 101 ᠲᠦᠮᠡᠨ ᠬᠥᠮᠥᠨ ᠤᠳᠠᠭ᠎ᠠ ᠶᠢᠨ ᠵᠣᠴᠢᠨ ᠢ ᠭᠥᠯᠢᠶᠡᠨ ᠠᠪᠴᠤ᠂ ᠡᠵᠡᠩᠨᠡᠯᠲᠡ ᠶᠢᠨ ᠣᠷᠣᠯᠭ᠎ᠠ ᠨᠢ 8483 ᠲᠦᠮᠡᠨ ᠲᠥᠭᠦᠷᠢᠭ ᠬᠦᠷᠴᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ