ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/5/9
      ︵ᠰᠤᠷᠪᠤᠯᠵᠢᠯᠠᠭᠴᠢ ᠴᠢ ᠰᠢᠶᠣᠣ ᠶᠠᠨ︶ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠤᠯᠠᠮ ᠨᠢᠭᠡ ᠠᠯᠬᠤᠮ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠮᠠᠨ ᠤ ᠬᠤᠲᠠ ᠶᠢᠨ ᠬᠡᠰᠡᠭ ᠬᠤᠭᠤᠯᠠ ᠤᠮᠳᠠᠭᠠᠨ ᠤ ᠭᠠᠵᠠᠷ ᠲᠤ ᠬᠢᠨᠠᠨ ᠵᠢᠯᠣᠭᠤᠳᠤᠯᠭ᠎ᠠ ᠪᠠᠶᠢᠴᠠᠭᠠᠯᠲᠠ ᠬᠢᠵᠦ᠂ ᠬᠤᠭᠤᠯᠠ ᠪᠤᠳᠠᠭ᠎ᠠ ᠬᠢᠬᠦ ᠶᠠᠪᠤᠴᠠ ᠳᠤ ᠶᠡᠭᠡ ᠬᠡᠮᠵᠢᠶ᠎ᠡ ᠪᠠᠷ ᠲᠣᠭᠤᠭᠠᠨ ᠭᠡᠷ ᠤᠨ ᠬᠤᠭ ᠨᠣᠪᠰᠢ ᠭᠠᠷᠭᠠᠭᠰᠠᠨ ᠡᠰᠡᠬᠦ᠂ ᠪᠣᠭᠤᠳᠠᠯᠯᠠᠬᠤ ᠦᠢᠯᠡᠴᠢᠯᠡᠭᠡ ᠬᠠᠩᠭᠠᠭᠰᠠᠨ ᠡᠰᠡᠬᠦ᠂ ᠬᠡᠷᠡᠭᠯᠡᠭᠴᠢᠳ ᠢ ᠦᠲᠦᠭᠡᠵᠦ ᠪᠤᠷᠤᠭᠤ ᠵᠢᠯᠣᠭᠤᠳᠴᠤ ᠬᠡᠮᠵᠢᠶ᠎ᠡ ᠠᠴᠠ ᠬᠡᠲᠦᠷᠡᠭᠦᠯᠦᠨ ᠬᠤᠭᠤᠯᠠ ᠵᠠᠬᠢᠶᠠᠯᠠᠭᠤᠯᠤᠭᠰᠠᠨ ᠵᠡᠷᠭᠡ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃     ᠪᠠᠶᠢᠴᠠᠭᠠᠯᠲᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠰᠢᠮᠳᠠᠭᠤᠯᠤᠨ ᠲᠣᠭᠤᠭᠠᠨ ᠭᠡᠷ ᠤᠨ ᠪᠠᠶᠢᠷᠢᠰᠢᠭᠤᠯᠤᠯᠲᠠ ᠵᠢᠴᠢ ᠬᠠᠲᠠᠭᠤ ᠲᠣᠨᠤᠭ ᠤᠨ ᠪᠡᠯᠡᠳᠬᠡᠮᠵᠢ ᠶᠢ ᠰᠢᠯᠢᠳᠡᠭᠵᠢᠭᠦᠯᠵᠦ᠂ ᠢᠳᠡᠭᠡᠨ ᠢ ᠰᠢᠢᠳᠪᠦᠷᠢᠯᠡᠬᠦ ᠣᠷᠣᠨ᠂ ᠲᠣᠭᠤᠭᠠᠨ ᠭᠡᠷ᠂ ᠬᠤᠭᠤᠯᠠ ᠢᠳᠡᠬᠦ ᠣᠷᠣᠨ᠂ ᠠᠷᠢᠭᠤᠨ ᠴᠡᠪᠡᠷ ᠤᠨ ᠥᠷᠥᠭᠡ ᠵᠡᠷᠭᠡ ᠲᠠᠯᠠᠪᠤᠷ ᠭᠠᠵᠠᠷ ᠢ ᠲᠣᠭᠲᠠᠮᠠᠯ ᠬᠤᠭᠤᠴᠠᠭ᠎ᠠ ᠲᠠᠢ ᠴᠡᠪᠡᠷᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠭᠤᠭᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠠᠷᠢᠭᠤᠨ ᠴᠡᠪᠡᠷ ᠲᠣᠭᠤᠭᠠᠨ ᠭᠡᠷ︾ ᠢ ᠪᠠᠶᠢᠭᠤᠯᠵᠤ᠂ ᠬᠡᠷᠡᠭᠯᠡᠭᠴᠢᠳ ᠲᠤ ᠠᠶᠤᠯᠭᠦᠢ᠂ ᠴᠡᠪᠡᠷ ᠲᠡᠭᠰᠢ᠂ ᠲᠠᠭᠠᠯᠠᠮᠵᠢᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠰᠢᠨ᠎ᠡ ᠬᠤᠲᠠ ᠲᠣᠭᠤᠷᠢᠭ ᠤᠨ ᠾᠧ ᠴᠢᠶᠦ᠋ᠨ ᠲᠠᠷᠢᠶᠠᠯᠠᠩ ᠤᠨ ᠠᠷᠠᠯᠵᠢᠶᠠᠨ ᠤ ᠠᠷᠠᠳ ᠲᠤ ᠳᠥᠭᠦᠮ ᠵᠠᠬ᠎ᠠ ᠳᠡᠯᠭᠡᠭᠦᠷ ᠤᠨ ᠭᠠᠭ᠋ᠠᠢ ᠶᠢᠨ ᠮᠢᠬ᠎ᠠ ᠬᠤᠳᠠᠯᠳᠤᠬᠤ ᠭᠠᠵᠠᠷ ᠲᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠲᠦᠭᠦᠬᠡᠢ ᠭᠠᠭ᠋ᠠᠢ ᠶᠢᠨ ᠮᠢᠬ᠎ᠠ ᠠᠴᠠ ᠥᠯᠢᠭᠡᠷ ᠠᠪᠴᠤ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠵᠣᠬᠢᠬᠤ ᠪᠦᠯᠦᠭ ᠤᠳᠠᠭ᠎ᠠ ᠶᠢᠨ ᠢᠳᠡᠭᠡᠨ ᠤ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ᠂ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ᠂ ᠢᠳᠡᠭᠡᠨ ᠢ ᠬᠠᠳᠠᠭᠠᠯᠠᠬᠤ ᠨᠥᠬᠦᠴᠡᠯ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠭᠤᠣᠯᠯᠠᠨ ᠡᠷᠭᠢᠯᠡᠬᠦ ᠲᠠᠯ᠎ᠠ ᠪᠠ ᠢᠳᠡᠭᠡᠨ ᠡᠵᠡᠩᠨᠡᠭᠴᠢ ᠡᠷᠬᠡᠪᠰᠢ ᠢᠳᠡᠭᠡᠨ ᠤ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠦᠶᠯᠡ ᠠᠵᠢᠯᠯᠠᠭ᠎ᠠ ᠪᠠᠨ ᠵᠢᠷᠤᠮᠵᠢᠭᠤᠯᠤᠨ᠂ ᠢᠳᠡᠭᠡᠨ ᠤ ᠠᠶᠤᠯᠭᠦᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠢ ᠭᠡᠵᠦ ᠰᠠᠨᠠᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ