︵ᠰᠤᠷᠪᠤᠯᠵᠢᠯᠠᠭᠴᠢ ᠮᠢᠶᠣᠣ ᠴᠢᠩ︶ 5 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽︿ᠡᠷᠡᠭᠦᠯ ᠡᠩᠬᠡ ᠳᠤᠮᠳᠠᠳᠤ ᠤᠯᠤᠰ 2030﹀ ᠤᠨ | ᠲᠥᠯᠦᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠲᠥᠬᠦᠭᠡᠷᠦᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠲᠥᠬᠦᠭᠡᠷᠦᠮᠵᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠮᠠᠨ ᠤ ᠬᠤᠲᠠ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠪᠦᠯᠦᠭ ᠤᠳᠠᠭ᠎ᠠ ᠬᠤᠪᠢᠶᠠᠨ ᠨᠡᠶᠢᠭᠡᠮ ᠨᠡᠶᠢᠲᠡ ᠳᠤ ᠨᠡᠭᠡᠭᠡᠨ᠎ᠡ᠃ | 5 ᠳ᠋ᠤᠭᠠᠷ ᠰᠠᠷ᠎ᠠ ᠶᠢᠨ 13 ᠤ ᠡᠳᠦᠷ᠂ ᠨᠢᠭᠡᠳᠦᠭᠡᠷ ᠪᠦᠯᠦᠭ ᠤᠨ 126 ᠰᠤᠷᠭᠠᠭᠤᠯᠢ ᠨᠡᠶᠢᠭᠡᠮ ᠳᠤ ᠪᠡᠶ᠎ᠡ ᠶᠢᠨ ᠲᠠᠮᠢᠷ ᠤᠨ ᠲᠠᠯᠠᠪᠤᠷ ᠤᠨ | ᠲᠥᠬᠦᠭᠡᠷᠦᠮᠵᠢ ᠪᠠᠨ ᠨᠡᠭᠡᠭᠡᠬᠦ ᠪᠣᠯᠣᠨ᠎ᠠ᠂ ᠡᠭᠦᠨ ᠳᠤ᠄ ᠰᠢᠨ᠎ᠡ ᠬᠤᠲᠠ ᠲᠣᠭᠤᠷᠢᠭ ᠤᠨ ᠰᠢᠨᠬᠤᠸᠠ ᠪᠠᠭ᠎ᠠ ᠰᠤᠷᠭᠠᠭᠤᠯᠢ᠂ ᠲᠦᠮᠡᠳ ᠳᠤᠮᠳᠠᠳᠤ ᠰᠤᠷᠭᠠᠭᠤᠯᠢ᠂ | ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ︵ᠬᠥᠯᠥᠨ ᠰᠤᠷᠭᠠᠭᠤᠯᠢ ᠶᠢᠨ ᠲᠣᠭᠤᠷᠢᠭ︶ ᠵᠡᠷᠭᠡ 29 ᠰᠤᠷᠭᠠᠭᠤᠯᠢ︔ ᠬᠤᠲᠤᠩ ᠠᠷᠠᠳ ᠤᠨ | ᠲᠣᠭᠤᠷᠢᠭ ᠤᠨ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ᠂ ᠲᠠᠶᠢᠫᠢᠩ ᠵᠡᠭᠡᠯᠢ ᠶᠢᠨ | ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ︔ ᠢᠦᠢ ᠴᠢᠦᠸᠠᠨ ᠲᠣᠭᠤᠷᠢᠭ ᠤᠨ ᠾᠧᠩ ᠴᠠᠩ ᠳ᠋ᠢᠶᠠᠨ ᠰᠢᠶᠠᠩ ᠪᠠᠭ᠎ᠠ ᠰᠤᠷᠭᠠᠭᠤᠯᠢ ᠶᠢᠨ ᠦ᠋ ᠯᠢ ᠶᠢᠩ | ᠰᠤᠷᠭᠠᠭᠤᠯᠢ ᠶᠢᠨ ᠲᠣᠭᠤᠷᠢᠭ᠂ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ᠂ ᠲᠠᠪᠤᠨ ᠰᠤᠪᠤᠷᠭ᠎ᠠ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠵᠡᠷᠭᠡ 6 | ᠰᠤᠷᠭᠠᠭᠤᠯᠢ︔ ᠰᠠᠶᠢᠬᠠᠨ ᠲᠣᠭᠤᠷᠢᠭ ᠤᠨ ᠬᠥᠬᠡᠬᠤᠲᠠ ᠶᠢᠨ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠭᠤᠴᠢ | ᠶᠢᠰᠦᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 38 ᠰᠤᠷᠭᠠᠭᠤᠯᠢ︔ ᠬᠤᠷᠢᠨᠭᠡᠷ ᠰᠢᠶᠠᠨ ᠤ | ᠬᠤᠷᠢᠨᠭᠡᠷ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠬᠤᠷᠢᠨᠭᠡᠷ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ 2 ᠰᠤᠷᠭᠠᠭᠤᠯᠢ︔ ᠴᠢᠩ ᠱᠦᠢ ᠾᠧ | ᠰᠢᠶᠠᠨ ᠤ ᠴᠢᠩ ᠱᠦᠢ ᠾᠧ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠨᠢᠭᠡᠳᠦᠭᠡᠷ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 4 ᠰᠤᠷᠭᠠᠭᠤᠯᠢ︔ | ᠲᠣᠭᠲᠠᠬᠤ ᠰᠢᠶᠠᠨ ᠤ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠲᠣᠭᠲᠠᠬᠤ | ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ 12 ᠰᠤᠷᠭᠠᠭᠤᠯᠢ᠃ ᠲᠦᠮᠡᠳ ᠵᠡᠭᠦᠨ ᠬᠤᠰᠢᠭᠤᠨ ᠤ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ | ᠲᠦᠮᠡᠳ ᠵᠡᠭᠦᠨ ᠬᠤᠰᠢᠭᠤᠨ ᠤ ᠵᠢᠷᠭᠤᠳᠤᠭᠠᠷ ᠪᠠᠭ᠎ᠠ ᠰᠤᠷᠭᠠᠭᠤᠯᠢ᠂ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠪᠠᠭ᠎ᠠ ᠰᠤᠷᠭᠠᠭᠤᠯᠢ ᠵᠡᠷᠭᠡ 28 | ᠰᠤᠷᠭᠠᠭᠤᠯᠢ︔ ᠦᠴᠦᠸᠠᠨ ᠰᠢᠶᠠᠨ ᠤ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ᠂ | ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠵᠡᠷᠭᠡ 3 ᠰᠤᠷᠭᠠᠭᠤᠯᠢ ᠪᠠᠭᠲᠠᠨ᠎ᠠ᠃ |