ᠬᠦᠬᠡᠬᠤᠲᠠ 2023 ᠤᠨ ᠤ ᠡᠷᠲᠡᠨ ᠤ ᠮᠤᠳᠤ ᠶᠢᠨ ᠬᠠᠮᠠᠭᠠᠯᠠᠯᠲᠠ ᠶᠢᠨ ᠵᠢᠷᠤᠭ ᠲᠦᠯᠦᠪᠯᠡᠭᠡ ᠶᠢᠨ ᠲᠦᠰᠦᠯ ᠤᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/5/9
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠨᠠᠮᠤᠭ︶ 2021 ᠣᠨ ᠳᠤ ᠬᠥᠬᠡᠬᠤᠲᠠ ᠶᠢᠨ ᠡᠷᠲᠡᠨ ᠤ ᠮᠣᠳᠣ ᠶᠢ ᠬᠠᠮᠠᠭᠠᠯᠠᠬᠤ ᠢᠨᠵᠧᠨᠧᠷᠢᠩ ᠢ ᠵᠢᠩᠬᠢᠨᠢ ᠪᠠᠷ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ ᠨᠢᠭᠡᠨᠲᠡ 18 ᠰᠠᠭᠤᠷᠢ ᠨᠢᠭᠡᠳᠦᠭᠡᠷ ᠲᠡᠰ ᠤᠨ ᠡᠷᠲᠡᠨ ᠤ ᠮᠣᠳᠣ᠂ 4 ᠰᠠᠭᠤᠷᠢ ᠬᠤᠶᠠᠳᠤᠭᠠᠷ ᠳᠡᠰ ᠤᠨ ᠡᠷᠲᠡᠨ ᠤ ᠮᠣᠳᠣ᠂ 21 ᠰᠠᠭᠤᠷᠢ ᠭᠤᠷᠪᠠᠳᠤᠭᠠᠷ ᠳᠡᠰ ᠤᠨ ᠡᠷᠲᠡᠨ ᠤ ᠮᠣᠳᠣ ᠶᠢ ᠬᠠᠮᠠᠭᠠᠯᠠᠬᠤ ᠪᠠ ᠴᠢᠬᠢᠷᠠᠭᠵᠢᠭᠤᠯᠬᠤ ᠠᠵᠢᠯ ᠢ ᠪᠡᠶᠡᠯᠡᠭᠦᠯᠬᠦ ᠶᠢᠨ ᠬᠠᠮᠲᠤ ᠮᠠᠰᠢ ᠰᠠᠶᠢᠨ ᠦᠷ᠎ᠡ ᠪᠦᠲᠦᠮᠵᠢ ᠣᠯᠪᠠ᠃      ᠡᠷᠲᠡᠨ ᠤ ᠮᠣᠳᠣ ᠨᠡᠷᠡᠲᠦ ᠮᠣᠳᠣ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ ᠢᠨᠵᠧᠨᠧᠷᠢᠩ ᠢ ︽2023 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠲᠥᠯᠥᠪᠯᠡᠭᠡ︾ ᠳᠤ ᠤᠷᠤᠭᠤᠯᠤᠭᠰᠠᠨ ᠪᠠᠶᠢᠨ᠎ᠠ᠃ 3 ᠰᠠᠷ᠎ᠠ ᠶᠢᠨ 5 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠬᠤᠲᠠ ᠶᠢᠨ ᠲᠣᠭᠤᠷᠢᠭ ᠵᠢᠴᠢ ᠡᠷᠭᠢᠨ ᠲᠣᠭᠤᠷᠢᠨ ᠤ ᠬᠤᠰᠢᠭᠤ ᠰᠢᠶᠠᠨ ᠤ ᠣᠢ ᠮᠣᠳᠣᠨ ᠤ ᠤᠷᠭᠤᠯᠲᠠ ᠶᠢᠨ ᠪᠠᠶᠢᠳᠠᠯ ᠵᠢᠴᠢ ᠤᠷᠭᠤᠯᠲᠠ ᠶᠢᠨ ᠣᠷᠴᠢᠨ ᠲᠣᠭᠤᠷᠢᠨ ᠠᠨᠠᠶ 25 ᠰᠠᠭᠤᠷᠢ ᠡᠷᠲᠡᠨ ᠤ ᠮᠣᠳᠣ ᠶᠢ ᠭᠤᠣᠯᠳᠠᠯᠭ᠎ᠠ ᠲᠠᠢ ᠰᠤᠩᠭᠤᠨ ︽ᠨᠢᠭᠡ ᠮᠣᠳᠤᠨ ᠳᠤ ᠨᠢᠭᠡ ᠠᠷᠭ᠎ᠠ ᠪᠣᠳᠣᠯᠭ᠎ᠠ ᠲᠤᠭᠲᠠᠭᠠᠬᠤ︾ ᠵᠠᠷᠴᠢᠮ ᠶᠣᠰᠣᠭᠠᠷ᠂ ᠠᠶᠤᠩᠭ᠎ᠠ ᠠᠴᠠ ᠵᠶᠢᠯᠠᠭᠤᠯᠬᠤ ᠲᠦᠬᠦᠭᠡᠷᠦᠮᠵᠢ ᠤᠭᠰᠠᠷᠠᠬᠤ᠂ ᠬᠤᠪᠠᠭ᠋ᠠᠶ ᠰᠠᠯᠠᠭ᠎ᠠ ᠮᠦᠴᠢᠷ ᠢ ᠰᠢᠢᠳᠪᠦᠷᠢᠯᠡᠬᠦ᠂ ᠮᠤᠳᠤᠨ ᠤ ᠨᠦᠬᠡ ᠬᠤᠩᠬᠢᠯ ᠢ ᠪᠥᠭᠯᠡᠬᠦ᠂ ᠮᠣᠳᠣᠨ ᠤ ᠡᠰᠢᠨ ᠳᠤ ᠬᠤᠭᠤᠷᠠᠬᠤ ᠠᠴᠠ ᠰᠡᠷᠭᠡᠶᠢᠯᠡᠬᠦ ᠲᠤᠯᠭᠠᠭᠤᠷᠢ ᠵᠤᠬᠢᠶᠠᠬᠤ᠂ ᠬᠥᠷᠥᠰᠥ ᠰᠢᠷᠤᠢ ᠶᠢ ᠰᠠᠶᠢᠵᠢᠷᠠᠭᠤᠯᠬᠤ᠂ ᠮᠤᠳᠤᠨ ᠤ ᠡᠰᠢ ᠦᠨᠳᠦᠰᠦ ᠶᠢᠨ ᠬᠡᠰᠡᠭ ᠢ ᠴᠢᠬᠢᠷᠠᠭᠵᠢᠭᠤᠯᠬᠤ᠂ ᠠᠭᠠᠷ ᠰᠠᠯᠬᠢ ᠨᠡᠪᠲᠡᠷᠡᠬᠦ ᠶᠢ ᠪᠠᠲᠤᠯᠠᠬᠤ᠂ ᠦᠨᠳᠦᠰᠦ ᠶᠢᠨ ᠬᠡᠰᠡᠭ ᠢ ᠰᠡᠷᠭᠦᠭᠡᠬᠦ᠂ ᠨᠠᠪᠴᠢᠨ ᠳᠤ ᠪᠤᠷᠳᠤᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠵᠡᠷᠭᠡ ᠶᠢᠨ ᠲᠤᠭᠤᠷᠢᠨ ᠳᠤ ︽2023 ᠣᠨ ᠤ ᠡᠷᠲᠡᠨ ᠤ ᠮᠣᠳᠣ ᠶᠢ ᠬᠠᠮᠠᠭᠠᠯᠠᠬᠤ ᠪᠠ ᠰᠡᠷᠭᠦᠭᠡᠬᠦ ᠲᠥᠯᠥᠪᠯᠡᠭᠡ ᠶᠢᠨ ᠲᠥᠰᠦᠯ︾ ᠢ 3 ᠰᠠᠷ᠎ᠠ ᠶᠢᠨ 25 ᠤ ᠡᠳᠦᠷ ᠠᠴᠠ ᠡᠮᠦᠨ᠎ᠡ ᠨᠠᠶᠢᠷᠠᠭᠤᠯᠤᠨ ᠳᠠᠭᠤᠰᠬᠠᠵᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠨᠤᠲᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠪᠣᠯᠣᠨ᠎ᠠ᠃ ᠬᠠᠮᠠᠭᠠᠯᠠᠯᠲᠠ ᠶᠢᠨ ᠢᠨᠵᠧᠨᠧᠷᠢᠩ ᠢ 4 ᠰᠠᠷ᠎ᠠ ᠶᠢᠨ ᠡᠬᠢ ᠪᠠᠷ ᠵᠢᠩᠬᠢᠨᠢ ᠪᠠᠷ ᠡᠬᠢᠯᠡᠭᠦᠯᠵᠦ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠢ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠷᠲᠡᠨ ᠤ ᠮᠣᠳᠣ ᠨᠠᠷᠠᠲᠤ ᠮᠣᠳᠣ ᠶᠢ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠷᠲᠡᠨ ᠤ ᠮᠣᠳᠣᠨ ᠤ ᠤᠷᠭᠤᠯᠲᠠ ᠶᠢᠨ ᠪᠠᠶᠢᠳᠠᠯ ᠪᠠ ᠣᠷᠴᠢᠨ ᠲᠣᠭᠤᠷᠢᠨ ᠤ ᠬᠤᠪᠢᠷᠠᠯᠲᠠ ᠶᠢ ᠴᠠᠭ ᠲᠤᠬᠠᠶ ᠳᠤᠨᠢ ᠡᠵᠡᠮᠰᠢᠨ᠂ ᠬᠠᠮᠠᠭᠠᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠷᠲᠡᠨ ᠤ ᠮᠣᠳᠣ ᠶᠢ ᠬᠠᠮᠠᠭᠠᠯᠠᠬᠤ ᠪᠠ ᠴᠢᠭᠢᠷᠠᠭᠵᠢᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠡᠷᠲᠡᠨ ᠤ ᠮᠣᠳᠣ ᠨᠠᠷᠠᠲᠤ ᠮᠣᠳᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ