ᠪᠦᠬᠦ ᠬᠤᠲᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠬᠤᠷᠠᠯ ᠵᠢᠴᠢ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/1
      ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 31 ᠤ ᠡᠳᠦᠷ᠂ ᠪᠦᠬᠦ ᠬᠤᠳᠠ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠬᠤᠷᠠᠯ ᠵᠢᠴᠢ ᠠᠵᠢᠯ ᠤᠨ ᠠᠬᠢᠭᠤᠯᠬᠤ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠪᠣᠯᠣᠨ ᠪᠥᠬᠦ ᠤᠯᠤᠰ ᠤᠨ ᠪᠣᠯᠪᠠᠰᠤᠨ ᠨᠢᠭᠡᠴᠡ ᠥᠪᠥᠷ ᠮᠣᠩᠭᠤᠯ ᠤᠨ ᠮᠧᠩ ᠳ᠋ᠢᠶᠠᠨ ᠬᠤᠸᠠ ᠨᠧᠩ ᠢᠯᠴᠢ ᠶᠢᠨ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠭᠦᠳᠦᠨ ᠪᠠᠶᠢᠭᠤᠯᠬᠤ ᠰᠠᠯᠠᠭᠠᠨ ᠤ ᠬᠠᠷᠢᠭᠤᠴᠠᠯᠭᠠᠲᠠᠨ ᠠᠴᠠ ᠲᠤᠬᠠᠢ ᠶᠢᠨ ᠲᠠᠯᠠᠪᠤᠷ ᠲᠤ  ᠪᠣᠯᠪᠠᠰᠤᠨ ᠨᠢᠭᠡᠴᠡ ᠶᠢᠨ ᠲᠠᠩᠰᠠ ᠡᠪᠬᠡᠮᠡᠯ ᠢᠶᠠᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠳᠤ ᠵᠢᠯᠣᠭᠤᠳᠤᠯᠭ᠎ᠠ ᠬᠢᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠪᠣᠯᠪᠠᠰᠤᠨ ᠨᠢᠭᠡᠴᠡ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠡᠭᠦᠳᠦᠨ ᠪᠠᠶᠢᠭᠤᠯᠬᠤ ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠣᠯᠪᠠᠰᠤᠨ ᠤ ᠬᠡᠪ ᠰᠤᠷᠲᠠᠯ ᠢ ᠢᠳᠡᠪᠬᠢᠲᠡᠢ ᠪᠠᠷ ᠬᠥᠲᠥᠯᠥᠨ ᠳᠠᠭᠠᠭᠤᠯᠵᠤ᠂ ᠪᠣᠯᠪᠠᠰᠤᠨ ᠤ ᠴᠤᠭ ᠵᠢᠪᠬᠤᠭ᠎ᠠ ᠶᠢ ᠬᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠵᠦ᠂ ᠡᠭᠦᠳᠦᠨ ᠪᠠᠶᠢᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ᠂ ᠡᠭᠦᠳᠦᠨ ᠪᠠᠶᠢᠭᠤᠯᠬᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠢᠯᠡᠳᠲᠡ ᠦᠷ᠎ᠡ ᠪᠦᠲᠦᠮᠵᠢ ᠣᠯᠵᠤ᠂ 19 ᠪᠥᠬᠦ ᠤᠯᠤᠰ ᠤᠨ ᠪᠣᠯᠪᠠᠰᠤᠨ ᠨᠢᠭᠡᠴᠡ᠂ 183 ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠨᠢᠭᠡᠴᠡ ᠪᠠ 328 ᠬᠤᠲᠠ ᠶᠢᠨ ᠲᠠᠰ ᠤᠨ ᠪᠣᠯᠪᠠᠰᠤᠨ ᠨᠢᠭᠡᠴᠡ ᠪᠣᠯᠵᠤ᠂ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ︔ ᠬᠠᠷᠠᠯᠲᠠ ᠪᠠᠨ ᠲᠣᠳᠣᠷᠬᠠᠢ ᠪᠣᠯᠭᠠᠵᠤ᠂ ᠠᠭᠤᠯᠤᠭᠳᠠᠬᠤᠨ ᠢᠶᠠᠨ ᠪᠠᠶᠠᠯᠢᠭᠵᠢᠭᠤᠯᠵᠤ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠶᠢ ᠦᠨᠡᠨ ᠬᠦ ᠡᠵᠡᠮᠰᠢᠬᠦ ᠬᠡᠷᠡᠭᠲᠡᠢ︔ ᠪᠦᠬᠦ ᠲᠠᠯ᠎ᠠ ᠪᠠᠷ ᠬᠦᠴᠦᠯᠡᠵᠦ᠂ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠴᠢᠬᠤᠯᠠᠴᠢᠯᠠᠵᠤ᠂ ᠡᠭᠦᠳᠦᠨ ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠣᠯᠪᠠᠰᠤᠨ ᠨᠢᠭᠡᠴᠡ ᠶᠢ ᠡᠭᠦᠳᠦᠨ ᠪᠠᠶᠢᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ