ᠦᠴᠦᠸᠠᠨ ᠰᠢᠶᠠᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠪᠡ
ᠨᠡᠶᠢᠲᠡᠯᠡᠭᠰᠡᠨ ᠴᠠᠭ᠄
2023/6/1
ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠰᠤᠷᠭᠠᠨ ᠬᠥᠮᠦᠵᠢᠯ ᠤᠨ ᠪᠦᠯᠦᠭᠯᠡᠯ ᠫᠠᠶᠢᠰᠠ ᠰᠡᠬᠦᠪᠡ      ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠦᠴᠦᠸᠠᠨ ᠰᠢᠶᠠᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠭᠡᠷ᠎ᠡ ᠳᠤ ᠭᠠᠷ ᠤᠨ ᠥᠰᠥᠭ ᠵᠢᠷᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ ᠬᠤᠶᠠᠷ ᠲᠠᠯ᠎ᠠ ᠪᠠᠷ ᠢᠶᠠᠨ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠰᠤᠷᠭᠠᠨ ᠬᠥᠮᠦᠵᠢᠯ ᠤᠨ ᠪᠦᠯᠦᠭᠯᠡᠯ ᠤᠨ ᠫᠠᠶᠢᠰᠠ ᠶᠢ ᠰᠡᠬᠦᠪᠡ᠃      ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠭᠡᠷ᠎ᠡ ᠳᠤ ᠭᠠᠷ ᠤᠨ ᠥᠰᠥᠭ ᠵᠢᠷᠤᠭᠰᠠᠨ ᠨᠢ ᠦᠴᠦᠸᠠᠨ ᠰᠢᠶᠠᠨ ᠤ ︽ᠨᠢᠭᠡ ᠴᠣᠭᠴᠠ ᠬᠤᠶᠠᠷ ᠵᠢᠭᠦᠷ ᠬᠤᠣᠰ ᠳᠠᠶᠢᠴᠢᠯᠠᠯᠲᠠ︾ ᠶᠢ ᠪᠠᠶᠢᠭᠤᠯᠬᠤ ᠳᠤ ᠠᠰᠢᠭᠲᠠᠢ ᠶᠤᠮ ︵ᠨᠢᠭᠡ ᠴᠣᠭᠴᠠ᠄ ᠪᠥᠬᠦ ᠰᠢᠶᠠᠨ ᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ︔ ᠬᠤᠶᠠᠷ ᠵᠢᠭᠦᠷ᠄ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠷ ᠰᠤᠷᠤᠯᠭ᠎ᠠ ᠶᠢᠨ ᠱᠠᠲᠤ︔ ᠬᠤᠣᠰ ᠳᠠᠶᠢᠴᠢᠯᠠᠯᠲᠠ᠄ ᠬᠡᠦᠬᠡᠳ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠵᠡᠷᠭᠡ ᠳᠤᠨᠢ ᠳᠠᠶᠢᠴᠢᠯᠠᠬᠤ︶ ᠵᠢᠭᠠᠨ ᠰᠤᠷᠭᠠᠯᠲᠠ ᠶᠢᠨ ᠰᠢᠨ᠎ᠡ ᠪᠠᠶᠢᠷᠢᠰᠢᠯ᠃      ᠣᠶᠢᠷ᠎ᠠ ᠶᠢᠨ ᠵᠢᠯ ᠤᠳ ᠲᠤ᠂ ᠦᠴᠦᠸᠠᠨ ᠰᠢᠶᠠᠨ ᠰᠤᠷᠭᠠᠨ ᠬᠥᠮᠦᠵᠢᠯ ᠳᠠᠬᠢ ᠣᠷᠣᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠢᠳᠡᠪᠬᠢᠲᠡᠢ ᠪᠠᠷ ᠰᠠᠶᠢᠵᠢᠷᠠᠭᠤᠯᠵᠤ᠂ ᠪᠠᠭᠰᠢ ᠶᠢᠨ ᠡᠩᠨᠡᠭᠡ ᠶᠢ ᠵᠣᠬᠢᠰᠲᠠᠢ ᠲᠣᠬᠢᠷᠠᠭᠤᠯᠵᠤ᠂ ᠵᠢᠭᠠᠨ ᠰᠤᠷᠭᠠᠬᠤ ᠶᠠᠰᠤ ᠴᠢᠨᠠᠷ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠪᠡ᠃ ᠡᠨᠡ ᠤᠳᠠᠭ᠎ᠠ ᠦᠴᠦᠸᠠᠨ ᠰᠢᠶᠠᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ᠂ ᠬᠠᠮᠲᠤᠪᠠᠷ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠨᠡᠶᠢᠰᠯᠡᠯ ᠤᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠴᠦᠸᠠᠨ ᠰᠢᠶᠠᠨ ᠤ ᠪᠦᠬᠦ ᠰᠤᠷᠤᠯᠭ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠣᠯᠣᠨ ᠥᠷᠢᠰᠦᠯᠳᠦᠬᠦ ᠬᠦᠴᠦᠨ ᠤ ᠲᠣᠭᠲᠠᠭᠤᠨ ᠢᠶᠠᠷ ᠳᠡᠭᠡᠭᠰᠢᠯᠡᠬᠦ ᠶᠢ ᠦᠷᠭᠦᠯᠵᠢᠯᠡᠨ ᠠᠬᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠭᠠᠨ ᠬᠥᠮᠦᠵᠢᠯ ᠤᠨ ᠪᠠᠲᠤᠯᠠᠭ᠎ᠠ ᠬᠠᠩᠭᠠᠪᠠ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ