6 ᠳ᠋ᠤᠭᠠᠷ ᠰᠠᠷ᠎ᠠ ᠶᠢᠨ 9 ᠤ ᠡᠳᠦᠷ ᠪᠣᠯ ᠠᠷᠪᠠᠨ ᠵᠢᠷᠭᠤᠳᠤᠭᠠᠷ ᠤᠳᠠᠭ᠎ᠠ ᠶᠢᠨ ᠳᠡᠯᠡᠬᠡᠢ ᠶᠢᠨ ᠲᠠᠩᠰᠠ ᠡᠪᠬᠡᠮᠡᠯ ᠤᠨ ᠡᠳᠦᠷ ᠪᠣᠯᠣᠨ᠎ᠠ᠂ ᠡᠨᠡ ᠵᠢᠯ ᠤᠨ | ᠭᠤᠣᠯ ᠰᠡᠳᠦᠪ ᠨᠢ ︽ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ ᠯᠠᠨᠲ᠋ᠠᠢ ᠶᠢᠨ ᠲᠡᠮᠳᠡᠭᠯᠡᠯ ᠤᠨ ᠰᠢᠨ᠎ᠡ ᠬᠠᠭᠤᠳᠠᠰᠤ ᠶᠢ ᠪᠢᠴᠢᠶ᠎ᠡ︾ ᠪᠣᠯᠣᠨ᠎ᠠ᠃ | ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠬᠤᠲᠠ ᠶᠢᠨ ᠳᠥᠷᠪᠡᠨ ᠲᠣᠭᠤᠷᠢᠭ ᠤᠨ ᠭᠤᠷᠪᠠᠨ ᠱᠠᠲᠤᠨ ᠤ ᠲᠠᠩᠰᠠ ᠡᠪᠬᠡᠮᠡᠯ ᠤᠨ | ᠰᠠᠯᠠᠭ᠎ᠠ ᠮᠥᠴᠢᠷ ᠬᠠᠮᠲᠤᠷᠠᠨ ᠰᠢᠨᠬᠤᠸᠠ ᠲᠠᠯᠠᠪᠠᠶ ᠳᠤ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢᠨ ᠰᠣᠨᠢᠨ ᠢ ᠳᠡᠯᠭᠡᠨ ᠦᠵᠡᠭᠦᠯᠬᠦ᠂ ᠲᠠᠩᠰᠠ ᠡᠪᠬᠡᠮᠡᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ᠂ ᠰᠣᠨᠢᠷᠬᠠᠯᠲᠤ ᠠᠰᠠᠭᠤᠯᠲᠠ ᠬᠠᠷᠢᠭᠤᠯᠲᠠ ᠥᠭᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠵᠦ᠂ ᠣᠯᠠᠨ | ᠲᠦᠮᠡᠨ ᠢ ᠬᠥᠲᠥᠯᠥᠨ ᠵᠢᠯᠤᠭᠤᠳᠴᠤ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠣᠯᠠᠨ | ᠲᠦᠮᠡᠨ ᠳᠤ ᠲᠠᠩᠰᠠ ᠡᠪᠬᠡᠮᠡᠯ ᠤᠨ ᠰᠣᠶᠣᠯ ᠤᠨ ᠥᠪᠡᠷᠮᠢᠴᠡ ᠲᠠᠲᠠᠬᠤ ᠬᠦᠴᠦᠨ ᠪᠠ ᠴᠢᠬᠤᠯᠠ ᠦᠨ᠎ᠡ ᠥᠷᠲᠡᠭ ᠢ ᠮᠡᠳᠡᠷᠡᠭᠦᠯᠵᠦ᠂ ᠲᠠᠩᠰᠠ ᠡᠪᠬᠡᠮᠡᠯ ᠤᠨ | ᠠᠵᠢᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠪᠠᠰᠠ ᠭᠤᠣᠯ ᠰᠡᠳᠦᠪᠲᠦ ᠡᠬᠡ ᠪᠢᠴᠢᠭ ᠡᠯᠰᠡᠬᠦ᠂ ᠮᠡᠳᠡᠯᠭᠡ ᠶᠢᠨ | ᠥᠷᠢᠰᠦᠯᠳᠦᠭᠡᠨ ᠤ ᠬᠠᠷᠢᠭᠤᠯᠲᠠ ᠥᠭᠬᠦ᠂ ᠲᠠᠩᠰᠠ ᠡᠪᠬᠡᠮᠡᠯ ᠤᠨ ᠬᠠᠤᠯᠢ ᠲᠦᠭᠡᠮᠡᠯᠵᠢᠭᠦᠯᠬᠦ᠂ ᠲᠠᠩᠰᠠ ᠡᠪᠬᠡᠮᠡᠯ ᠤᠨ ᠬᠠᠨᠳᠢᠪᠯᠡᠯ᠂ ᠲᠠᠩᠰᠠ ᠡᠪᠬᠡᠮᠡᠯ ᠤᠨ | ᠣᠷᠳᠣᠨ ᠤ ᠨᠡᠭᠡᠭᠡᠯᠲᠡ ᠶᠢᠨ ᠡᠳᠦᠷ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠪᠢᠰᠬᠠᠯ ᠢ ᠰᠤᠳᠤᠯᠤᠨ ᠰᠤᠷᠤᠯᠴᠠᠬᠤ ᠵᠡᠷᠭᠡ ᠰᠢᠷᠢᠰ | ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠲᠠᠩᠰᠠ ᠡᠪᠬᠡᠮᠡᠯ ᠤᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠲᠠᠩᠰᠠ ᠡᠪᠬᠡᠮᠡᠯ ᠤᠨ ᠰᠣᠶᠣᠯ ᠢ | ᠤᠯᠠᠮᠵᠢᠯᠠᠨ᠂ ᠨᠠᠩ ᠣᠯᠠᠨ ᠬᠥᠮᠥᠨ ᠳᠤ ᠲᠠᠩᠰᠠ ᠡᠪᠬᠡᠮᠡᠯ ᠢ ᠠᠩᠬᠠᠷᠤᠭᠤᠯᠵᠤ᠂ ᠲᠠᠩᠰᠠ ᠡᠪᠬᠡᠮᠡᠯ ᠳᠤ ᠣᠶᠢᠷᠠᠲᠤᠭᠤᠯᠵᠤ᠂ ᠨᠡᠶᠢᠭᠡᠮ ᠳᠠᠶᠠᠭᠠᠷ ᠤᠨ ᠲᠠᠩᠰᠠ | ᠡᠪᠬᠡᠮᠡᠯ ᠤᠨ ᠦᠢᠯᠡᠰ ᠢ ᠬᠠᠯᠠᠮᠵᠢᠯᠠᠨ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ |