︽ᠪᠣᠳᠠᠰ ᠤᠨ ᠪᠤᠰᠤ ᠰᠣᠶᠣᠯ ᠤᠨ ᠥᠪ︾ ᠤᠨ ᠷᠢᠳᠢ ᠰᠢᠳᠢ ᠶᠢ ᠣᠶᠢᠯᠠᠭᠠᠶ᠎ᠠ
ᠨᠡᠶᠢᠲᠡᠯᠡᠭᠰᠡᠨ ᠴᠠᠭ᠄
2023/6/12
 
20230612-0.jpg
      6 ᠳ᠋ᠤᠭᠠᠷ ᠰᠠᠷ᠎ᠠ ᠶᠢᠨ 10 ᠤ ᠡᠳᠦᠷ ᠪᠣᠯ ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ ᠪᠣᠯᠣᠨ᠎ᠠ᠃ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠶᠢᠨ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ︽ᠪᠣᠳᠠᠰ ᠤᠨ ᠪᠤᠰᠤ ᠰᠣᠶᠣᠯ ᠤᠨ ᠥᠪ ᠤᠨ ᠰᠥᠨᠢ︾ ᠢᠦᠢ ᠴᠢᠦᠸᠠᠨ ᠲᠣᠭᠤᠷᠢᠭ ᠤᠨ ᠶᠡᠭᠡ ᠵᠤᠤ ᠲᠡᠦᠬᠡ ᠰᠣᠶᠣᠯ ᠤᠨ ᠲᠠᠯᠠᠪᠠᠢ ᠳᠤ ᠶᠠᠪᠤᠭᠳᠠᠪᠠ᠃      ︽ᠪᠣᠳᠠᠰ ᠤᠨ ᠪᠤᠰᠤ ᠰᠣᠶᠣᠯ ᠤᠨ ᠥᠪ ᠤᠨ ᠰᠥᠨᠢ︾ ᠲᠣᠭᠯᠠᠯᠲᠠ ᠶᠢᠨ ᠠᠬᠤᠢ ᠲᠠᠯᠠᠪᠠᠢ ᠳᠤ᠂ ᠬᠤᠳᠠ ᠶᠢᠨ ᠠᠷᠠᠳ ᠪᠣᠯᠣᠨ ᠵᠤᠭᠠᠴᠠᠭᠰᠠᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠪᠠᠭ᠋ᠠᠷᠬᠠᠨ ᠣᠶᠢᠯᠠᠭᠠᠪᠠ᠃     ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠳᠤ᠂ ᠠᠮᠲᠠᠲᠤ ᠢᠳᠡᠭᠡᠨ ᠤ ᠲᠥᠷᠥᠯ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠵᠡᠭᠦᠯᠦᠯᠭᠡ ᠨᠢ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠤ ᠪᠠᠶᠢᠪᠠ᠃ ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ