ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠶᠢᠨ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ︽ᠪᠣᠳᠠᠰ ᠤᠨ ᠪᠤᠰᠤ ᠰᠣᠶᠣᠯ ᠤᠨ ᠥᠪ ᠤᠨ ᠰᠥᠨᠢ︾ ᠪᠣᠯᠵᠤ ᠥᠩᠭᠡᠷᠡᠪᠡ
ᠨᠡᠶᠢᠲᠡᠯᠡᠭᠰᠡᠨ ᠴᠠᠭ᠄
2023/6/12
      ︵ᠰᠤᠷᠪᠤᠯᠵᠢᠯᠠᠭᠴᠢ ᠮᠢᠶᠣᠣ ᠴᠢᠩ ᠳᠠᠳᠤᠯᠭ᠎ᠠ ᠶᠢᠨ ᠰᠤᠷᠪᠤᠯᠵᠢᠯᠠᠭᠴᠢ ᠴᠧᠨ ᠼᠦᠢ ᠵᠢᠶᠧ︶ 6 ᠳ᠋ᠤᠭᠠᠷ ᠰᠠᠷ᠎ᠠ ᠶᠢᠨ 10 ᠤ ᠦᠳᠡᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠬᠤᠳᠠ ᠶᠢᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠡ 2023  ᠤ ︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠶᠢᠨ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ︽ᠪᠣᠳᠠᠰ ᠤᠨ ᠪᠤᠰᠤ ᠰᠣᠶᠣᠯ ᠤᠨ ᠥᠪ ᠤᠨ ᠰᠥᠨᠢ︾ ᠶᠡᠭᠡ ᠵᠤᠤ ᠶᠢᠨ ᠲᠡᠦᠬᠡ ᠰᠣᠶᠣᠯ ᠤᠨ ᠲᠠᠯᠠᠪᠠᠢ ᠳᠤ ᠶᠠᠪᠤᠭᠳᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ᠎ᠡ ᠠᠵᠢᠯᠯᠠᠭ᠎ᠠ ᠳᠤ ᠣᠷᠣᠯᠴᠠᠪᠠ᠃      ᠲᠤᠰ ᠠᠵᠢᠯᠯᠠᠭ᠎ᠠ ᠨᠢ ᠬᠤᠯᠪᠣᠭ᠎ᠠ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠥᠪᠥᠷ ᠮᠣᠩᠭᠤᠯ︾ ᠵᠦᠴᠦᠭᠡ ᠪᠠᠷ ᠬᠥᠰᠢᠭᠡ ᠪᠠᠨ ᠰᠡᠬᠦᠵᠦ᠂ ᠳᠠᠷᠠᠭᠠᠪᠠᠷ ᠨᠢ ᠱᠠᠨ ᠰᠢ ᠵᠦᠴᠦᠭᠡ᠂ ᠬᠤᠶᠠᠷ ᠬᠥᠮᠥᠨ ᠤ ᠡᠯᠭᠦᠭᠡ᠂ ᠮᠣᠷᠢᠨ ᠬᠤᠭᠤᠷ ᠤᠨ ᠬᠠᠮᠲᠤ ᠶᠢᠨ ᠬᠥᠭᠵᠢᠮ᠂ ᠤᠷᠳᠤ ᠶᠢᠨ ᠳᠠᠭᠤᠤ᠂ ᠬᠥᠬᠡᠮᠠᠢ᠂ ᠪᠣᠳᠠᠰ ᠤᠨ ᠪᠤᠰᠤ ᠰᠣᠶᠣᠯ ᠤᠨ ᠥᠪ ᠤᠨ ᠬᠤᠪᠴᠠᠰᠤ ᠵᠠᠰᠠᠯ ᠤᠨ ᠦᠵᠡᠭᠦᠯᠦᠯᠭᠡ᠂ ᠪᠣᠳᠠᠰ ᠤᠨ ᠪᠤᠰᠤ ᠰᠣᠶᠣᠯ ᠤᠨ ᠥᠪ ᠤᠨ ᠪᠥᠵᠢᠭ ᠵᠡᠷᠭᠡ ᠲᠣᠭᠯᠠᠯᠲᠠ ᠶᠢᠨ ᠤᠷᠠᠯᠢᠭ ᠤᠨ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠠᠶᠢᠯᠠᠬᠤ ᠲᠠᠭᠤᠨ ᠪᠠ ᠠᠯᠠᠭ᠎ᠠ ᠲᠡᠰᠢᠯᠲᠡ ᠶᠢ ᠣᠯᠪᠠ᠃      ᠣᠶᠢᠯᠠᠭᠠᠭᠰᠠᠨ ᠢᠶᠠᠷ᠂ ᠡᠭᠦᠨ ᠠᠴᠠ ᠰᠡᠭᠦᠯᠡᠷᠬᠢ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠲᠠᠶᠢᠰᠠᠨ ᠤ ᠦᠵᠡᠭᠦᠯᠦᠯᠭᠡ ᠲᠣᠭᠯᠠᠯᠲᠠ ᠶᠢᠨ ᠠᠵᠢᠯᠯᠠᠭ᠎ᠠ 10 ᠡᠳᠦᠷ ᠦᠷᠭᠦᠯᠵᠢᠯᠡᠵᠦ᠂ ᠡᠨᠡ ᠨᠢ ᠦᠵᠡᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠬᠦ ᠶᠢ ᠵᠣᠷᠢᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ