ᠵᠠᠰᠠᠭ ᠤᠨ ᠶᠠᠪᠤᠳᠠᠯ ᠤᠨ ᠦᠢᠯᠡᠴᠢᠯᠡᠭᠡ ᠠᠮᠠᠷᠠᠬᠤ ᠦᠭᠡᠢ  ᠣᠯᠠᠨ ᠲᠦᠮᠡᠨ ᠤᠴᠢᠷ ᠲᠠᠢ ᠪᠣᠯ ︽ᠴᠠᠭ ᠲᠤᠬᠠᠢ ᠳᠤᠨᠢ ᠭᠦᠢᠴᠡᠳᠬᠡᠵᠦ ᠪᠣᠯᠣᠨ᠎ᠠ︾
ᠨᠡᠶᠢᠲᠡᠯᠡᠭᠰᠡᠨ ᠴᠠᠭ᠄
2023/6/13
      ︵ᠰᠤᠷᠪᠤᠯᠵᠢᠯᠠᠭᠴᠢ ᠠᠷᠢᠭᠤᠨ᠎ᠠ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮ ᠳᠥᠲᠡ ᠪᠣᠯᠭᠠᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠢᠦᠢ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠬᠡᠲᠦ ᠳᠡᠯᠭᠡᠭᠦᠷ ᠭᠠᠷᠭᠠᠵᠤ᠂ ᠥᠪᠡᠰᠦᠪᠡᠨ ᠦᠢᠯᠡᠴᠢᠯᠡᠬᠦ ᠦᠵᠦᠭᠦᠷ ᠤᠨ ᠲᠥᠬᠦᠭᠡᠷᠦᠮᠵᠢ ᠶᠢ ᠬᠡᠷᠡᠭ ᠡᠷᠭᠢᠯᠡᠬᠦ ᠲᠢᠩᠬᠢᠮ ᠳᠤ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ ᠂ ᠥᠪᠡᠰᠦᠪᠡᠨ ᠭᠦᠢᠴᠡᠳᠬᠡᠬᠦ᠂ ᠴᠠᠭ ᠲᠤᠬᠠᠢ ᠳᠠᠭᠠᠨ ᠭᠦᠢᠴᠡᠳᠬᠡᠬᠦ︾ ᠬᠡᠷᠡᠭᠴᠡᠭᠡ ᠶᠢ ᠬᠠᠩᠭᠠᠵᠤ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠬᠦ ᠪᠣᠯᠪᠠ᠃      24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠬᠡᠲᠦ ᠳᠡᠯᠭᠡᠭᠦᠷ ᠲᠤ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ 8 ᠰᠠᠯᠠᠭ᠎ᠠ ᠮᠥᠴᠢᠷ ᠤᠨ ᠥᠪᠡᠰᠦᠪᠡᠨ ᠦᠢᠯᠡᠴᠢᠯᠡᠬᠦ 20 ᠭᠠᠷᠤᠢ ᠦᠵᠦᠭᠦᠷ ᠤᠨ ᠲᠥᠬᠦᠭᠡᠷᠦᠮᠵᠢ ᠶᠢ ᠲᠣᠬᠢᠷᠠᠭᠤᠯᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠥᠪᠡᠰᠦᠪᠡᠨ ᠭᠦᠢᠴᠡᠳᠬᠡᠵᠦ ᠭᠡᠷᠡᠴᠢ ᠠᠪᠬᠤ᠂ ᠬᠢᠯᠢ ᠪᠠᠷ ᠣᠷᠣᠵᠤ ᠭᠠᠷᠬᠤ᠂ ᠰᠢᠶᠠᠩᠭᠠᠩ ᠣᠣᠮᠧᠨ ᠤ ᠨᠡᠪᠲᠡᠷᠡᠬᠦ ᠦᠨᠡᠮᠯᠡᠯ ᠤᠨ ᠭᠡᠷᠡᠴᠢ ᠠᠪᠬᠤ᠂ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠶᠢ ᠥᠪᠡᠷᠲᠡᠭᠡᠨ ᠬᠢᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠭᠤᠶᠤᠴᠢᠯᠠᠨ ᠠᠪᠬᠤ ᠵᠡᠷᠭᠡ 56 ᠵᠦᠢᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ ᠪᠣᠯᠣᠨ᠎ᠠ᠃      ᠲᠣᠰ ᠦᠢᠯᠡᠴᠢᠯᠡᠭᠡ ᠨᠢ ᠠᠵᠤ ᠠᠬᠤᠶᠢᠯᠠᠯ ᠣᠯᠠᠨ ᠲᠦᠮᠡᠨ ᠳᠤ ᠦᠢᠯᠡᠴᠢᠯᠡᠬᠦ ᠠᠷᠭ᠎ᠠ ᠮᠠᠶ᠋ᠢᠭ ᠪᠠ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ ᠂ ᠮᠥᠷᠯᠡᠬᠦ ᠴᠠᠭ ᠢ ᠠᠷᠪᠢᠯᠠᠵᠤ᠂ ᠴᠣᠩᠬᠤᠨ ᠤ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ ᠬᠥᠩᠭᠡᠷᠡᠭᠦᠯᠦᠭᠰᠡᠨ ᠮᠥᠷᠲᠡᠭᠡᠨ ᠴᠠᠭ᠂ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠣᠯᠠᠨ ᠲᠦᠮᠡᠨ ᠤ ︽ᠠᠵᠢᠯᠯᠠᠬᠤ ᠴᠠᠭ ᠲᠤ ᠭᠦᠢᠴᠡᠳᠬᠡᠬᠦ ᠴᠢᠯᠦᠭᠡ ᠦᠭᠡᠢ᠂ ᠠᠵᠢᠯ ᠠᠴᠠ ᠪᠠᠭᠤᠭᠰᠠᠨ ᠴᠠᠭ ᠲᠤ ᠭᠦᠢᠴᠡᠳᠬᠡᠬᠦ ᠭᠠᠵᠠᠷ ᠦᠭᠡᠢ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠬᠦᠮ᠂ ᠨᠠᠩ ᠣᠶᠤᠨᠴᠢ᠂ ᠨᠠᠩ ᠥᠨᠳᠥᠷ ᠪᠦᠲᠦᠮᠵᠢᠲᠡᠶ ︽ᠡᠭᠦᠳᠡ ᠪᠠᠨ ᠬᠠᠭᠠᠬᠤ ᠦᠭᠡᠢ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ