ᠬᠥᠬᠡᠬᠤᠲᠠ ᠶᠢᠨ ᠬᠥᠬᠡ ᠵᠢᠷᠭᠠᠯ ᠤᠨ ᠬᠥᠬᠡ
ᠨᠡᠶᠢᠲᠡᠯᠡᠭᠰᠡᠨ ᠴᠠᠭ᠄
2023/6/16
      ᠵᠤᠨ ᠤ ᠡᠬᠢᠨ ᠤ ᠬᠥᠬᠡᠬᠤᠲᠠ᠂ ᠬᠥᠬᠡ ᠲᠡᠭᠷᠢ ᠶᠢᠨ ᠳᠣᠣᠷ᠎ᠠ ᠴᠠᠭᠠᠨ ᠡᠭᠦᠯᠡ ᠬᠦᠪᠦᠯᠵᠡᠵᠦ ᠴᠠᠭᠠᠨ ᠡᠭᠦᠯᠡᠨ ᠤ ᠳᠣᠣᠷ᠎ᠠ ᠬᠥᠬᠡ ᠠᠭᠤᠯᠠ ᠣᠷᠢᠶᠠᠯᠳᠤᠵᠤ᠂ ᠬᠠᠷᠠᠭ᠎ᠠ ᠲᠠᠯᠪᠢᠨ ᠰᠢᠷᠲᠡᠬᠦ ᠳᠤ ᠰᠢᠯᠦᠭ ᠴᠦ ᠶᠤᠮ ᠰᠢᠭ᠋ ᠵᠢᠷᠤᠭ ᠴᠦ ᠶᠤᠮ ᠰᠢᠭ᠋᠂ ᠶᠠᠭᠠᠬᠢᠭᠰᠠᠨ ᠭᠤᠶᠣ ᠶᠤᠮ ᠪᠤᠢ᠃ ᠣᠷᠴᠢᠨ ᠲᠣᠭᠤᠷᠢᠨ ᠪᠣᠯ ᠳᠠᠷᠤᠢ ᠠᠷᠠᠳ ᠤᠨ ᠠᠮᠢᠳᠤᠷᠠᠯ ᠮᠥᠨ᠂ ᠬᠥᠬᠡ ᠣᠭᠲᠠᠷᠭᠤᠢ ᠪᠣᠯ ᠳᠠᠷᠤᠢ ᠵᠢᠷᠭᠠᠯ ᠮᠥᠨ — ᠡᠨᠡ ᠪᠣᠯ ᠬᠥᠬᠡᠬᠤᠲᠠ ᠶᠢᠨ ᠬᠥᠮᠥᠨ ᠨᠢᠭᠡᠪᠦᠷᠢ ᠶᠢᠨ ᠦᠨᠡᠨ ᠰᠡᠳᠬᠢᠯ ᠠᠴᠠ ᠪᠠᠨ ᠮᠡᠳᠡᠷᠡᠭᠰᠡᠨ  ᠰᠡᠳᠬᠢᠭᠳᠡᠯ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠠᠴᠠ ᠨᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠣᠷᠴᠢᠨ ᠲᠣᠭᠤᠷᠢᠨ ᠠᠭᠠᠷ ᠮᠠᠨᠳᠠᠯ ᠤᠨ ᠶᠠᠰᠤ ᠴᠢᠨᠠᠷ ᠲᠠᠰᠤᠷᠠᠯᠲᠠ ᠦᠭᠡᠢ ᠰᠠᠶᠢᠵᠢᠷᠠᠵᠤ᠂ ᠠᠷᠠᠳ ᠤᠨ ᠠᠮᠢᠳᠤᠷᠠᠯ ᠢ ᠨᠡᠩ ᠲᠠᠭᠠᠯᠠᠮᠵᠢᠲᠠᠢ ᠪᠣᠯᠭᠠᠪᠠ᠃      ᠣᠳᠣ ᠪᠣᠯᠬᠤ ᠳᠤ᠂ ︽ᠬᠥᠬᠡᠬᠤᠲᠠ ᠶᠢᠨ ᠬᠥᠬᠡ︾ ᠨᠢ ᠨᠢᠭᠡᠨᠲᠡ ᠬᠥᠬᠡᠬᠤᠲᠠ ᠶᠢᠨ ᠵᠣᠯ ᠵᠢᠷᠭᠠᠯ ᠤᠨ ᠳᠡᠪᠢᠰᠬᠡᠷ ᠥᠩᠭᠡ ᠪᠣᠯᠤᠭᠰᠠᠨ ᠪᠠᠶᠢᠨ᠎ᠠ᠃ ︵ᠯᠢᠦ ᠱᠠ ᠱᠠ︶ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ