︵ᠰᠤᠷᠪᠤᠯᠵᠢᠯᠠᠭᠴᠢ ᠮᠢᠶᠣᠣ ᠰᠢᠨ︶ 6 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠪᠣᠯᠣᠨ ᠢᠦᠢ ᠴᠢᠤᠸᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠬᠠᠮᠲᠤᠷᠠᠨ ᠡᠷᠬᠢᠯᠡᠭᠰᠡᠨ ᠬᠥᠬᠡᠬᠤᠲᠠ ᠶᠢᠨ | 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠡᠭᠡ ᠵᠤᠤ ᠲᠠᠯᠠᠪᠠᠢ ᠳᠤ | ᠶᠠᠪᠤᠭᠳᠠᠪᠠ᠃ | ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠦᠨᠠᠯᠪᠠᠨ ᠭᠡᠷ᠂ ᠢᠦᠢ ᠴᠢᠤᠸᠠᠨ ᠲᠣᠭᠤᠷᠢᠭ ᠤᠨ | ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠵᠢᠴᠢ ᠬᠤᠳᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠡᠯ᠎ᠡ ᠭᠡᠰᠢᠭᠦᠨ | ᠨᠢᠭᠡᠴᠡ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠲᠠᠩᠭᠠᠷᠢᠭᠯᠠᠬᠤ᠂ ᠠᠶᠤᠯᠭᠦᠢ ᠦᠢᠯᠡᠳᠪᠦᠷᠢᠯᠡᠯ ᠤᠨ ᠬᠠᠤᠯᠢ | ᠴᠠᠭᠠᠵᠠ ᠶᠢᠨ ᠯᠠᠪᠯᠠᠯᠭ᠎ᠠ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠶᠢ ᠪᠡᠶᠡᠴᠢᠯᠡᠨ ᠣᠶᠢᠯᠠᠭᠠᠬᠤ᠂ ᠪᠠᠴᠢᠮ ᠪᠠᠶᠢᠳᠠᠯ ᠢ ᠠᠷᠭᠠᠴᠠᠬᠤ ᠲᠤᠨᠤᠭ | ᠲᠥᠬᠦᠭᠡᠷᠦᠮᠵᠢ ᠶᠢ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠬᠤᠳᠠ ᠶᠢᠨ ᠠᠷᠠᠳ ᠲᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠤᠯᠠᠨ | ᠲᠦᠮᠡᠨ ᠤ ᠠᠩᠬᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ ᠨᠡᠶᠢᠳᠡ | 42 ᠤᠬᠠᠭᠤᠯᠭ᠎ᠠ ᠯᠠᠪᠯᠠᠯᠭ᠎ᠠ ᠶᠢᠨ ᠲᠠᠪᠴᠠᠩ ᠭᠠᠷᠭᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ 3 ᠲᠦᠮᠡ | ᠭᠠᠷᠤᠢ ᠬᠤᠪᠢ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠯᠠᠪᠯᠠᠯᠭ᠎ᠠ ᠶᠢᠨ | ᠡᠳᠦᠷ ᠤᠨ ᠠᠵᠢᠯᠯᠠᠭ᠎ᠠ ᠶᠢ ᠪᠦᠬᠦ ᠶᠠᠪᠤᠴᠠ ᠪᠠᠷ ᠰᠢᠭᠤᠳ ᠨᠠᠪᠲᠠᠷᠡᠭᠦᠯᠵᠦ᠂ ᠰᠦᠯᠵᠢᠶᠡᠨ ᠳᠡᠭᠡᠷ᠎ᠡ ᠲᠦᠮᠡ ᠰᠢᠬᠠᠮ ᠬᠥᠮᠥᠨ ᠣᠷᠣᠯᠴᠠᠭᠰᠠᠨ ᠪᠠᠶᠢᠨ᠎ᠠ᠃ | ᠲᠤᠬᠠᠢ ᠶᠢᠨ ᠡᠳᠦᠷ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠴᠤ ︽ᠠᠶᠤᠯᠭᠦᠢ | ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃ | |