ᠮᠠᠨ ᠤ ᠬᠤᠲᠠ ᠶᠢᠨ 156 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠪᠣᠯᠪᠠ
ᠨᠡᠶᠢᠲᠡᠯᠡᠭᠰᠡᠨ ᠴᠠᠭ᠄
2023/6/19
      ᠠᠵᠤ ᠠᠬᠤᠶᠢᠯᠠᠯ ᠣᠯᠠᠨ ᠲᠦᠮᠡᠨ ᠤ ᠣᠨᠳᠣᠣ ᠭᠠᠵᠠᠷ ᠲᠤ ᠤᠴᠢᠷ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠭᠦᠶᠦᠬᠦ︾ ︽ᠡᠷᠭᠢᠵᠦ ᠪᠤᠴᠠᠵᠤ ᠭᠦᠶᠦᠬᠦ︾ ᠵᠡᠷᠭᠡ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠢᠳᠡᠪᠬᠢᠲᠡᠢ ᠪᠠᠷ ᠲᠦᠷᠦᠭᠦᠯᠡᠨ ᠮᠠᠨ ᠤ ᠬᠤᠲᠠ ᠶᠢᠨ 156 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠪᠣᠯᠭᠠᠪᠠ᠃      ᠣᠶᠢᠷ᠎ᠠ ᠳᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤ‌ᠣᠨᠳᠣᠣ ᠭᠠᠵᠠᠷ ᠲᠤ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠨᠢᠭᠡ ᠲᠤᠬᠠᠶᠢᠯᠠᠭᠰᠠᠨ ᠠᠵᠢᠯ ᠢ ᠰᠢᠯᠵᠢᠭᠦᠯᠦᠨ ᠭᠦᠢᠴᠡᠳᠬᠡᠵᠦ᠂ ᠲᠦᠩᠯᠢᠶᠣᠣ ᠶᠢᠨ ᠰᠢᠶᠣᠣ  ᠠᠪᠠᠭ᠋ᠠᠢ ᠶᠢᠨ ᠣᠯᠠᠨ ᠡᠳᠦᠷ ᠤᠨ ᠲᠤᠷᠰᠢ ᠪᠤᠬᠢᠨᠢᠳᠤᠵᠤ ᠪᠠᠶᠢᠭᠰᠠᠨ ᠤᠴᠢᠷ ᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠰᠢᠶᠣᠣ ᠠᠪᠠᠭ᠋ᠠᠢ ᠪᠡᠶ᠎ᠡ ᠮᠠᠭᠤ ᠠᠴᠠ ᠪᠣᠯᠵᠤ ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠷᠭ᠎ᠠ ᠦᠭᠡᠢ᠂ ᠠᠵᠤ ᠠᠬᠤᠢ ᠶᠢᠨ ᠲᠠᠯ᠎ᠠ ᠶᠢᠨ ᠬᠦᠴᠢᠷᠳᠡᠯ ᠨᠢ ᠲᠡᠭᠦᠨ ᠢ ᠪᠣᠬᠢᠨᠢᠳᠤᠭᠤᠯᠵᠤ ᠪᠠᠶᠢᠵᠠᠢ᠃ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠡᠷᠡ ᠳᠠᠷᠤᠢ ᠳᠤᠨᠢ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢ ᠵᠣᠬᠢᠴᠠᠭᠤᠯᠵᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠵᠦᠭᠦᠷ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠭᠥᠯᠢᠶᠡᠨ ᠠᠪᠤᠭᠰᠠᠨ ᠪᠥᠭᠡᠳ ᠰᠢᠯᠵᠢᠭᠦᠯᠦᠨ ᠭᠦᠢᠴᠡᠳᠬᠡᠵᠦ᠂ ᠰᠢᠶᠣᠣ ᠠᠪᠠᠭ᠋ᠠᠢ ᠳᠤ ᠴᠠᠭ ᠪᠠ ᠣᠷᠣᠨ ᠵᠠᠢ ᠶᠢᠨ ᠥᠪᠡᠷ ᠤᠨ ᠥᠷᠲᠡᠭ ᠢ ᠠᠷᠪᠢᠯᠠᠵᠤ ᠥᠭᠭᠦᠭᠰᠡᠨ ᠪᠠᠶᠢᠨ᠎ᠠ᠃      ︽ᠣᠷᠣᠨ ᠪᠦᠰᠡ ᠠᠯᠤᠰᠯᠠᠨ ᠭᠦᠢᠴᠡᠳᠬᠡᠬᠦ︾ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠠᠵᠢᠯ ᠤᠨ ᠰᠡᠳᠬᠢᠴᠡ ᠶᠣᠰᠣᠭᠠᠷ᠂ ᠮᠠᠨ ᠤ ᠬᠤᠲᠠ ᠶᠢᠨ ᠡᠯ᠎ᠡ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ︽ᠮᠤᠵᠢ ᠠᠯᠤᠰᠯᠠᠨ ᠭᠦᠢᠴᠡᠳᠬᠡᠬᠦ︾ ᠴᠣᠩᠬᠤᠨ ᠳᠤ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠲᠡᠮᠳᠡᠭ ᠡᠯᠭᠦᠵᠦ᠂ ︽ᠶᠡᠷᠦᠩᠬᠡᠶᠢᠯᠡᠭᠰᠡᠨ ᠴᠣᠩᠬᠤ︾ ᠳᠤ ᠣᠷᠣᠭᠤᠯᠤᠨ ᠨᠢᠭᠡᠳᠦᠯᠲᠡᠢ ᠬᠠᠮᠢᠶᠠᠷᠬᠤ ᠶᠢᠨ ᠬᠠᠮᠲᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ ᠨᠡᠷ᠎ᠡ᠂ ᠭᠦᠢᠴᠡᠳᠬᠡᠬᠦ ᠴᠠᠭ ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠪᠠᠶᠢᠴᠠᠭᠠᠬᠤ ᠭᠤᠣᠯᠳᠠᠯᠭ᠎ᠠ ᠶᠢ ᠴᠢᠩᠭ᠎ᠠ ᠵᠢᠷᠤᠮᠯᠠᠨ᠂ ᠵᠦᠢᠯᠡᠰ ᠤᠨ ᠬᠦᠴᠦᠨ ᠵᠦᠢᠯ ᠤᠨ ᠡᠯ᠎ᠡ ᠲᠥᠷᠥᠯ ᠤᠨ ᠲᠣᠬᠢᠷᠠᠭᠤᠯᠬᠤ ᠠᠵᠢᠯ ᠢ ᠥᠷᠨᠢᠭᠦᠯᠵᠦ᠂ ᠠᠳᠠᠯᠢ ᠨᠢᠭᠡᠨ ᠵᠦᠢᠯ ᠢ ᠪᠥᠬᠦ ᠣᠷᠣᠨ ᠤ ᠬᠡᠪᠴᠢᠶᠡᠨ ᠳᠤ ︽ᠠᠳᠠᠯᠢ ᠪᠠᠷᠢᠮᠵᠢᠶ᠎ᠠ ᠪᠠᠷ ᠭᠦᠢᠴᠡᠳᠬᠡᠵᠦ᠂ ᠵᠥᠷᠢᠶ᠎ᠡ ᠦᠭᠡᠢ ᠭᠥᠯᠢᠶᠡᠨ ᠠᠪᠴᠤ ᠰᠢᠢᠳᠪᠦᠷᠢᠯᠡᠬᠦ︾ ᠶᠢ ᠦᠨᠡᠨᠬᠦ ᠪᠠᠲᠤᠯᠠᠪᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ